1— 2 ᠰᠠᠷ᠎ᠠ ᠳᠤ ᠬᠥᠨᠳᠡᠯᠡᠨ ᠲᠣᠭᠤᠷᠢᠭ ᠤᠨ ᠴᠢᠬᠤᠯᠠ ᠠᠵᠤ ᠠᠬᠤᠶ ᠶᠢᠨ ᠲᠤᠭ᠎ᠠ ᠪᠠᠷᠢᠮᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/3/21
   ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ      1— 2 ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 21.0% ᠪᠠᠷ ᠨᠡᠮᠡᠭᠳᠡᠪᠡ᠃    1. ᠲᠥᠷᠥᠯ ᠵᠦᠢᠯ ᠢᠶᠠᠷ ᠬᠤᠪᠢᠶᠠᠵᠤ ᠦᠵᠡᠪᠡᠯ       ᠠᠭᠤᠷᠬᠠᠶ ᠮᠠᠯᠲᠠᠬᠤ ᠦᠶᠯᠡᠰ 7.3% ᠪᠠᠷ ᠪᠠᠭᠤᠷᠠᠪᠠ︔ ᠦᠢᠯᠡᠳᠬᠦ ᠦᠢᠯᠡᠰ 25.8% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 112.8% ᠪᠠᠷ ᠨᠡᠮᠡᠭᠳᠡᠪᠡ᠃     2. ᠠᠵᠢᠯ ᠲᠥᠷᠥᠯ ᠢᠶᠠᠷ ᠬᠤᠪᠢᠶᠠᠵᠤ ᠦᠵᠡᠪᠡᠯ     ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ      108.1% ᠪᠠᠷ ᠨᠡᠮᠡᠭᠳᠡᠪᠡ︔ ᠥᠩᠭᠡᠲᠦ ᠲᠡᠮᠦᠷᠯᠢᠭ ᠬᠠᠶᠢᠯᠤᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ ᠦᠢᠯᠡᠳᠪᠦᠷᠢ 77.5% ᠪᠠᠷ ᠨᠡᠮᠡᠭᠳᠡᠪᠡ︔ ᠲᠡᠮᠦᠷᠯᠢᠭ ᠪᠤᠰᠤ ᠡᠷᠦᠳᠡᠰᠦ ᠶᠢᠨ ᠪᠦᠲᠦᠭᠡᠭᠳᠡᠬᠦᠨ ᠤ ᠦᠶᠯᠡᠰ     64.0% ᠢᠶᠠᠷ ᠨᠡᠮᠡᠭᠳᠡᠪᠡ᠃    3. ᠦᠢᠯᠡᠳᠬᠦᠨ ᠢᠶᠠᠷ ᠬᠤᠪᠢᠶᠠᠵᠤ ᠦᠵᠡᠪᠡᠯ    ᠣᠯᠠᠨ ᠲᠠᠯᠠᠰᠲᠤ ᠴᠠᠬᠢᠭᠤᠷ 231.6% ᠪᠠᠷ ᠨᠡᠮᠡᠭᠳᠡᠪᠡ︔ ᠳᠠᠩ ᠲᠠᠯᠠᠰᠲᠤ ᠴᠠᠬᠢᠭᠤᠷ 152.2% ᠢᠶᠠᠷ ᠨᠡᠮᠡᠭᠳᠡᠪᠡ︔ ᠴᠤᠯᠭᠤᠢ ᠬᠤᠪᠣᠷ ᠰᠢᠷᠣᠢ ᠶᠢᠨ ᠲᠡᠮᠦᠷᠯᠢᠭ 22.7% ᠪᠠᠷ ᠨᠡᠮᠡᠭᠳᠡᠪᠡ᠃     ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ    1— 2 ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃    1. ᠪᠦᠲᠦᠴᠡ ᠠᠴᠠ ᠨᠢ ᠦᠵᠡᠪᠡᠯ    ᠬᠤᠶᠠᠳᠤᠭᠠᠷ ᠠᠵᠤ ᠦᠶᠯᠡᠰ ᠤᠨ ᠪᠡᠯᠡ ᠤᠷᠤᠭᠤᠯᠤᠯᠳᠠ 1.9% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ 149.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠢ ᠶᠡᠷᠦᠩᠬᠡᠢ ᠪᠡᠯᠡ ᠤᠷᠤᠭᠤᠯᠤᠯᠳᠠ ᠳᠠᠬᠢ ᠡᠵᠡᠯᠡᠬᠦ ᠬᠠᠷᠢᠴᠠᠯ 11.3% ᠪᠣᠯᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠢ ᠶᠡᠷᠦᠩᠬᠡᠢ ᠪᠡᠯᠡ ᠤᠷᠤᠭᠤᠯᠤᠯᠳᠠ ᠳᠠᠬᠢ ᠡᠵᠡᠯᠡᠬᠦ ᠬᠠᠷᠢᠴᠠᠯ      88.7% ᠪᠣᠯᠪᠠ︔    2. ᠬᠦᠷᠢᠶ᠎ᠡ ᠴᠠᠷᠠᠭ᠎ᠠ ᠪᠠᠷ ᠬᠤᠪᠢᠶᠠᠵᠤ ᠦᠵᠡᠪᠡᠯ    ᠲᠡᠬᠡᠲᠦ ᠮᠡᠷᠭᠡᠵᠢᠯ ᠤᠨ ᠠᠵᠤ ᠦᠢᠯᠡᠰ 360 ᠳᠠᠬᠢᠨ ᠨᠡᠮᠡᠭᠳᠡᠪᠡ᠃    ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ    1—2 ᠰᠠᠷ᠎ᠠ ᠳᠤ 50.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠪᠡ᠃    1. ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢ ᠶᠢ ᠦᠵᠡᠪᠡᠯ    ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ 14.7%   ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ 15.8% ᠪᠠᠷ ᠨᠡᠮᠡᠭᠳᠡᠵᠦ᠂ ᠡᠭᠦᠨ ᠳᠤ ᠢᠳᠡᠭᠡᠨ ᠤᠮᠳᠠᠭᠠᠨ ᠤ ᠦᠢᠯᠡᠰ ᠤᠨ ᠪᠤᠷᠤᠯᠠᠭᠤᠯᠭ᠎ᠠ ᠶᠢᠨ ᠣᠷᠣᠯᠭ᠎ᠠ 4.2% ᠢᠶᠠᠷ ᠨᠡᠮᠡᠭᠳᠡᠪᠡ᠃    2. ᠲᠥᠷᠥᠯ ᠬᠤᠪᠢᠶᠠᠵᠤ ᠦᠵᠡᠪᠡᠯ    ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ 11.4% ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ 1.1 ᠳᠠᠬᠢᠨ ᠨᠡᠮᠡᠭᠳᠡᠵᠦ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ 85.2%   ᠢᠶᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ 5.8 ᠳᠠᠬᠢᠨ ᠨᠡᠮᠡᠭᠳᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号