ᠡᠨᠡ ᠭᠠᠷᠠᠭ ᠤᠨ ᠰᠡᠭᠦᠯᠴᠢ︕ ᠪᠤᠭᠤᠲᠤ ᠶᠢᠨ ᠬᠠᠳᠤᠨ ᠭᠤᠤᠯ ᠤᠨ ᠬᠥᠪᠡᠭᠡᠨ ᠳᠤ ᠨᠠᠭᠠᠳᠬᠤ ᠪᠠᠷ ᠢᠷᠡᠭᠡᠷᠡᠢ︕
ᠨᠡᠶᠢᠲᠡᠯᠡᠭᠰᠡᠨ ᠴᠠᠭ᠄
2025/3/22
      ᠡᠨᠡ ᠭᠠᠷᠠᠭ ᠤᠨ ᠰᠡᠭᠦᠯᠴᠢ᠂ ᠬᠠᠳᠤᠨ ᠭᠤᠣᠯ ᠤᠨ ᠬᠥᠪᠡᠭᠡᠨ ᠳᠤ ᠬᠦᠷ ᠨᠠᠷᠭᠢᠶᠠᠨ ᠢᠶᠠᠷ ᠪᠢᠯᠬᠠᠨ᠎ᠠ ᠳ᠋ᠠ︕ ᠠᠳᠡ ︽ᠬᠠᠳᠤᠨ ᠭᠤᠤᠯ ᠤᠨ ᠬᠠᠶᠢᠷ᠎ᠠ ᠰᠡᠳᠬᠢᠯᠭᠡ︾ ᠤᠷᠠᠨ ᠰᠠᠶᠢᠬᠠᠨ ᠤ ᠲᠣᠭᠯᠠᠯᠲᠠ ᠨᠢ ᠲᠠᠨ ᠢ ᠬᠠᠳᠤᠨ ᠭᠤᠤᠯ ᠤᠨ ᠰᠣᠶᠣᠯ ᠤᠨ ᠭᠠᠶᠢᠬᠠᠮᠰᠢᠭᠲᠤ ᠶᠢᠷᠲᠢᠨᠴᠦ ᠳᠤ ᠬᠦᠳᠡᠯᠦᠨ ᠣᠷᠣᠭᠤᠯᠬᠤ ᠪᠤᠯᠤᠨ᠎ᠠ︔ ᠠᠬᠤᠢ ᠦᠵᠡᠭᠳᠡᠯᠲᠦ ᠵᠦᠴᠦᠭᠡ ︽ᠲᠦᠮᠡᠳ ᠤᠨ ᠲᠠᠯ᠎ᠠ ᠶᠢᠨ ᠬᠤᠷᠢᠮ ᠤᠨ ᠶᠣᠰᠣᠯᠠᠯ︾ ᠨᠢ ᠲᠠᠨ ᠳᠤ ᠠᠳᠡᠬᠢ ᠠᠷᠠᠳ ᠤᠨ ᠵᠠᠩ ᠵᠠᠩᠰᠢᠯ ᠢ ᠣᠶᠢᠯᠠᠭᠠᠭᠤᠯᠬᠤ ᠪᠤᠯᠤᠨ᠎ᠠ᠃ ᠳᠠᠭᠤᠤ ᠪᠥᠵᠢᠭ᠂ ᠼᠢᠷᠺ ᠢ ᠡᠭᠡᠯᠵᠢᠯᠡᠨ ᠲᠠᠶᠢᠰᠠᠨ ᠳᠤ ᠲᠤᠬᠯᠠᠵᠤ᠂ ᠮᠧᠩ ᠴᠥᠩ ᠴᠡᠩᠭᠡᠯ ᠤᠨ ᠬᠦᠷᠢᠶᠡᠯᠡᠩ᠂ ᠮᠣᠷᠢ ᠪᠠ ᠲᠡᠮᠡᠭᠡ ᠤᠨᠤᠬᠤ ᠵᠡᠷᠭᠡ ᠰᠣᠨᠢᠷᠬᠠᠯᠲᠠᠶ ᠬᠥᠳᠡᠯᠭᠡᠭᠡᠨ ᠴᠦ ᠶᠠᠪᠤᠬᠳᠠᠬᠤ ᠪᠠᠷ ᠪᠡᠯᠡᠬᠡᠨ ᠪᠣᠯᠪᠠ᠃ ᠪᠠᠰᠠ ᠰᠣᠶᠣᠯ ᠤᠨ ᠪᠦᠳᠦᠬᠡᠯᠴᠢ ᠦᠢᠯᠡᠳᠬᠦᠨ᠂ ᠤᠷᠠᠯᠢᠭ ᠤᠨ ᠪᠦᠲᠦᠭᠡᠯ ᠤᠨ ᠦᠵᠡᠰᠬᠦᠯᠡᠩ᠂ ᠳᠠᠭᠤᠤ ᠬᠥᠭᠵᠢᠮ ᠤᠨ ᠱᠠᠯᠤᠨ ᠁ ᠵᠡᠷᠬᠡ ᠨᠢ ᠭᠤᠶᠢᠳᠠ ᠰᠠᠶᠢᠬᠠᠨ ᠶᠠᠪᠤᠬᠳᠠᠬᠤ ᠪᠤᠯᠤᠨ᠎ᠠ᠂ ᠲᠠ ᠨᠡᠷ ᠢ ᠪᠠᠶᠠᠷᠯᠠᠨ ᠤᠬᠳᠤᠵᠤ ᠪᠠᠶᠢᠨ᠎ᠠ︕     ᠠᠵᠢᠯᠯᠠᠭ᠎ᠠ ᠶᠢᠨ ᠭᠢᠯᠠᠰ ᠴᠡᠭ ᠢ ᠲᠠᠨᠢᠯᠴᠠᠭᠤᠯᠬᠤᠢ     ᠨᠢᠭᠡ᠂ ︽ᠬᠠᠲᠤᠨ ᠭᠤᠤᠯ ᠤᠨ ᠬᠠᠶᠢᠷ᠎ᠠ ᠰᠡᠳᠬᠢᠯᠭᠡ︾ ᠤᠷᠠᠨ ᠰᠠᠶᠢᠬᠠᠨ ᠤ ᠲᠣᠭᠯᠠᠯᠲᠠ     ᠲᠤᠬᠯᠠᠯᠳᠠ ᠭᠠᠷᠭᠠᠬᠤ ᠴᠠᠭ᠄ 3 ᠰᠠᠷ᠎ᠠ ᠶᠢᠨ 22 ᠤᠨ ᠡᠳᠦᠷ —3 ᠰᠠᠷ᠎ᠠ ᠶᠢᠨ 23 ᠤ ᠡᠳᠦᠷ ᠤᠨ 13᠄ 00     ᠲᠤᠬᠯᠠᠯᠳᠠ ᠭᠠᠷᠭᠠᠭᠤ ᠭᠠᠵᠠᠷ᠄ ᠠᠷᠠᠳ ᠤᠨ ᠵᠠᠩ ᠦᠢᠯᠡ ᠰᠣᠶᠣᠯ ᠤᠨ ᠣᠷᠳᠣᠨ ᠤ ᠵᠢᠵᠢᠭ ᠲᠠᠯᠠᠪᠠᠢ  
    ᠬᠤᠶᠠᠷ᠂ ᠠᠬᠤᠢ ᠦᠵᠡᠭᠳᠡᠯᠲᠦ ᠵᠦᠴᠦᠭᠡ ︽ᠲᠦᠮᠡᠳ ᠤᠨ ᠲᠠᠯ᠎ᠠ ᠶᠢᠨ ᠬᠤᠷᠢᠮ ᠤ ᠶᠤᠰᠤᠯᠠᠯ︾       ᠲᠤᠬᠯᠠᠯᠳᠠ ᠶᠢᠨ ᠴᠠᠭ᠄ 3 ᠰᠠᠷ᠎ᠠ ᠶᠢᠨ 22 ᠤᠨ ᠡᠳᠦᠷ —3 ᠰᠠᠷ᠎ᠠ ᠶᠢᠨ 23 ᠤ ᠡᠳᠦᠷ ᠤᠨ 13᠄ 30     ᠲᠤᠬᠯᠠᠯᠳᠠ ᠶᠢᠨ ᠭᠠᠵᠠᠷ᠄ ᠬᠠᠳᠤᠨ ᠭᠤᠤᠯ ᠰᠦᠮ᠎ᠡ ᠶᠢᠨ ᠴᠤᠬᠯᠠᠭᠠᠨ ᠤ ᠠᠭᠤᠳᠠᠮ ᠲᠠᠯᠠᠪᠠᠢ  
    ᠭᠤᠷᠪᠠ᠂ ︽ᠤᠷᠢᠬᠠᠨ ᠬᠠᠪᠤᠷ ᠤᠨ ᠦᠪᠡᠳᠡᠭᠰᠢ ᠦᠵᠡᠮᠵᠢ · ᠪᠠᠶᠠᠷ ᠪᠠᠶᠠᠰᠬᠤᠯᠠᠩᠲᠤ ᠲᠠᠭᠤᠤ       ᠪᠦᠵᠢᠭ ᠤᠨ ᠨᠠᠶᠢᠷ︾   ᠤᠨ ᠲᠣᠭᠯᠠᠯᠲᠠ     ᠲᠤᠬᠠᠯᠯᠳᠠ ᠶᠢᠨ ᠴᠠᠭ᠄ 3 ᠰᠠᠷ᠎ᠠ ᠶᠢᠨ 22 ᠤᠨ ᠡᠳᠦᠷ ᠤᠨ 14᠄ 00᠂ 3 ᠰᠠᠷ᠎ᠠ ᠶᠢᠨ 23 ᠤ ᠡᠳᠦᠷ ᠤᠨ 14᠄ 30       ᠲᠤᠬᠯᠠᠯᠳᠠ ᠶᠢᠨ ᠭᠠᠵᠠᠷ᠄ ᠬᠠᠲᠤᠨ ᠭᠤᠤᠯ ᠰᠦᠮ᠎ᠡ ᠶᠢᠨ ᠴᠤᠬᠯᠠᠭᠠᠨ ᠤ ᠲᠠᠶᠢᠰᠠᠨ ᠲᠡᠭᠡᠷ᠎ᠡ
    ᠳᠥᠷᠪᠡ᠂ ︽ᠠᠯᠲᠠᠨ ᠠᠷᠰᠯᠠᠨ ᠳᠠᠪᠠᠯᠭᠠᠨ ᠭᠢᠰᠬᠢᠯᠡᠬᠦ ᠶᠠᠩᠭᠠᠷ ᠤᠨ ᠨᠠᠶᠢᠷ︾ ᠠᠷᠰᠯᠠᠨ ᠲᠤᠬᠯᠠᠵᠤ ᠶᠠᠩᠭᠠᠷ ᠪᠦᠵᠢᠭᠯᠡᠬᠦ ᠲᠣᠭᠯᠠᠯᠲᠠ     ᠲᠤᠬᠯᠠᠯᠳᠠ ᠶᠢᠨ ᠴᠠᠭ᠄ 3 ᠰᠠᠷ᠎ᠠ ᠶᠢᠨ 22 ᠤᠨ ᠡᠳᠦᠷ ᠤᠨ 15᠄ 30᠂ 3 ᠰᠠᠷ᠎ᠠ ᠶᠢᠨ 23 ᠤ ᠡᠳᠦᠷ ᠤᠨ 16᠄ 30     ᠲᠤᠬᠯᠠᠯᠳᠠ ᠶᠢᠨ ᠭᠠᠵᠠᠷ᠄ ᠬᠠᠳᠤᠨ ᠭᠤᠤᠯ ᠤᠨ ᠡᠷᠭᠢ ᠳᠠᠭᠠᠤ
    ᠲᠠᠪᠤ᠂ ︽ᠭᠤᠤᠯ ᠬᠡᠰᠬᠦ ᠶᠢᠨ ᠭᠱᠠᠨ ᠤ ᠪᠠᠶᠠᠷ︾ ᠤᠷᠠᠯᠢᠭ ᠤᠨ ᠪᠦᠲᠦᠭᠡᠯ ᠤᠨ ᠴᠤᠭᠯᠠᠭ᠎ᠠ ᠮᠠᠶᠢᠮᠠᠶ ᠶᠢᠨ ᠦᠨ᠎ᠡ ᠬᠠᠶᠠᠯᠴᠠᠨ ᠬᠤᠳᠠᠯᠳᠤᠬᠤ ᠠᠵᠢᠯᠯᠠᠭ᠎ᠠ     ᠠᠵᠢᠯᠯᠠᠭ᠎ᠠ ᠦᠷᠨᠢᠬᠦᠯᠬᠦ ᠴᠠᠭ᠄ 3 ᠰᠠᠷ᠎ᠠ ᠶᠢᠨ 22 ᠤᠨ ᠡᠳᠦᠷ ᠤᠨ 15᠄ 30 —16᠄ 00       ᠠᠵᠢᠯᠯᠠᠭ᠎ᠠ ᠦᠷᠨᠢᠬᠦᠯᠬᠦ ᠭᠠᠵᠠᠷ᠄ ᠰᠣᠶᠣᠯ ᠵᠡᠭᠡᠯᠢ ᠶᠢᠨ ᠲᠤᠭᠤᠷᠢᠭ ᠤᠨ ᠪᠠᠷᠠᠭᠤᠨ 1 ᠳ᠋ᠤᠭᠡᠷ ᠨᠣᠮᠧᠷᠲᠤ ᠭᠡᠷ
    ᠵᠢᠷᠭᠤᠭ᠎ᠠ᠂ ᠮᠣᠷᠢ ᠲᠡᠮᠡᠭᠡ ᠤᠨᠤᠬᠤ ᠪᠡᠶᠡᠴᠢᠯᠡᠨ ᠣᠶᠢᠯᠠᠭᠠᠬᠤ ᠠᠵᠢᠯᠯᠠᠭ᠎ᠠ     ᠠᠵᠢᠯᠯᠠᠭ᠎ᠠ ᠦᠷᠨᠢᠬᠦᠯᠬᠦ ᠴᠠᠭ᠄ 3 ᠰᠠᠷ᠎ᠠ ᠶᠢᠨ 22 — 23 ᠤ ᠡᠳᠦᠷ ᠪᠤᠯᠳᠠᠯ᠎ᠠ ᠪᠦᠬᠦᠯᠢ ᠡᠳᠦᠷ     ᠠᠵᠢᠯᠯᠠᠭ᠎ᠠ ᠦᠷᠨᠢᠬᠦᠯᠬᠦ ᠭᠠᠵᠠᠷ᠄ ᠬᠠᠳᠤᠨ ᠭᠤᠤᠯ ᠤᠨ ᠡᠷᠭᠢ ᠳᠠᠭᠠᠤ
    ᠳᠣᠯᠤᠭ᠎ᠠ᠂ ︽ᠲᠡᠮᠦᠷ ᠬᠤᠶᠠᠭ ᠵᠢᠭᠠᠰᠤᠨ ᠰᠦᠷᠦᠭ ᠬᠠᠳᠤᠨ ᠭᠤᠤᠯ ᠤᠨ ᠪᠠᠭ᠋ᠠᠷᠬᠠᠯ︾ ᠲᠠᠩᠺ ᠤᠨ ᠺᠠᠷᠲᠯᠠᠬᠤ ᠪᠡᠶᠡᠴᠢᠯᠡᠨ ᠣᠶᠢᠯᠠᠭᠠᠬᠤ ᠠᠵᠢᠯᠯᠠᠭ᠎ᠠ     ᠠᠵᠢᠯᠯᠠᠭ᠎ᠠ ᠦᠷᠨᠢᠬᠦᠯᠬᠦ ᠴᠠᠭ᠄ 3 ᠰᠠᠷ᠎ᠠ ᠶᠢᠨ 22 — 23 ᠤ ᠡᠳᠦᠷ ᠪᠤᠯᠳᠠᠯ᠎ᠠ ᠪᠦᠬᠦᠯᠢ ᠡᠳᠦᠷ     ᠠᠵᠢᠯᠯᠠᠭ᠎ᠠ ᠦᠷᠨᠢᠬᠦᠯᠬᠦ ᠭᠠᠵᠠᠷ᠄ ᠶᠢᠨ ᠳ᠋ᠢ ᠨᠠᠨ ᠬᠠᠳᠤᠨ ᠭᠤᠤᠯ ᠤᠨ ᠬᠥᠪᠡᠭᠡ
    ᠨᠠᠢᠮᠠ᠂ ᠬᠠᠲᠤᠨ ᠭᠤᠤᠯ ᠤᠨ ᠴᠤᠬᠯᠠᠭ᠎ᠠ ᠮᠠᠶᠢᠮᠠᠢ ᠶᠢᠨ ᠠᠮᠲᠠᠲᠤ ᠢᠳᠡᠭᠡᠨ ᠤ ᠤᠯᠠᠷᠢᠯ     ᠠᠵᠢᠯᠯᠠᠭ᠎ᠠ ᠦᠷᠨᠢᠬᠦᠯᠬᠦ ᠴᠠᠭ᠄ 3 ᠰᠠᠷ᠎ᠠ ᠶᠢᠨ 22 — 23 ᠤ ᠡᠳᠦᠷ ᠪᠤᠯᠳᠠᠯ᠎ᠠ ᠪᠦᠬᠦᠯᠢ ᠡᠳᠦᠷ     ᠠᠵᠢᠯᠯᠠᠭ᠎ᠠ ᠦᠷᠨᠢᠬᠦᠯᠬᠦ ᠭᠠᠵᠠᠷ᠄ ᠬᠠᠲᠤᠨ ᠭᠤᠤᠯ ᠤᠯᠤᠰ ᠤᠨ ᠰᠣᠶᠣᠯ ᠤᠨ ᠴᠡᠴᠡᠷᠯᠢᠭ᠂ ᠵᠣᠣ ᠵᠢᠶᠦ᠋ᠨ ᠨᠠᠭᠤᠷ᠂ ᠲᠡᠭᠷᠢ ᠶᠢᠨ ᠲᠤᠤᠷᠠᠬᠢ ᠬᠠᠲᠤᠨ ᠭᠤᠤᠯ ᠨᠢᠭᠡᠳᠦᠭᠡᠷ ᠲᠣᠰᠬᠤᠨ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号