ᠼᠤᠦ ᠳᠤ ᠳᠡᠪᠲᠦᠭᠡᠭᠰᠡᠨ ᠰᠠᠷᠢᠮᠰᠠᠭ ᠢ ᠬᠡᠮᠵᠢᠶ᠎ᠡ ᠲᠠᠢ ᠢᠳᠡᠪᠡᠯ ᠬᠦᠮᠦᠨ ᠤ ᠪᠡᠶ᠎ᠡ ᠳᠤ ᠰᠠᠶᠢᠨ ᠪᠠᠶᠢᠳᠠᠭ᠂ | ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠬᠡᠲᠦ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃ | ᠼᠤᠦ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄ ᠼᠤᠦ ᠳᠤ ᠳᠡᠪᠲᠦᠭᠡᠭᠰᠡᠨ ᠰᠠᠷᠢᠮᠰᠠᠭ ᠵᠤᠬᠢᠬᠤ | ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ | ᠠᠷᠢᠭᠤᠳᠬᠠᠬᠤ᠂ ᠬᠤᠤᠷ ᠭᠠᠳᠠᠭᠰᠢᠯᠠᠭᠤᠯᠬᠤ ᠴᠢᠳᠠᠯ ᠲᠠᠢ ᠪᠤᠯᠬᠤᠷ ᠦᠷᠬᠦᠯᠵᠢ ᠰᠠᠷᠢᠮᠰᠠᠭ ᠢᠳᠡᠪᠡᠯ ᠴᠢᠰᠦᠨ | ᠰᠤᠲᠠᠯ ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ | ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ ᠳᠠᠷᠤᠯᠲᠠ ᠶᠢ | ᠪᠠᠭᠤᠷᠠᠭᠤᠯᠳᠠᠭ᠃ | ᠼᠤᠦ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠤᠦ ᠳᠤ ᠳᠡᠪᠲᠦᠭᠡᠭᠰᠡᠨ ᠰᠠᠷᠢᠮᠰᠠᠭ ᠢ ᠦᠷᠬᠦᠯᠵᠢ | ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ ᠪᠠᠰᠠ ᠴᠢᠰᠤᠨ ᠰᠤᠳᠠᠯ ᠤᠨ ᠤᠶᠠᠨ ᠴᠢᠨᠠᠷ ᠢ | ᠳᠡᠭᠡᠭᠰᠢᠯᠡᠭᠦᠯᠵᠦ᠂ ᠴᠢᠰᠤᠨ ᠳᠠᠷᠤᠯᠲᠠ ᠬᠡᠳᠦ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ | ᠪᠠᠭᠤᠷᠠᠭᠤᠯᠬᠤ ᠳᠤ ᠲᠤᠰᠠᠯᠠᠳᠠᠭ᠃ ᠲᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ ᠪᠡᠶ᠎ᠡ | ᠴᠢᠬᠢᠷᠠᠭᠵᠢᠭᠤᠯᠬᠤ ᠦᠢᠯᠡᠳᠦᠯ ᠲᠠᠢ᠃ ᠬᠤᠭᠤᠯᠠᠢ ᠡᠪᠡᠳᠬᠦ ᠶᠢ ᠵᠠᠰᠠᠵᠤ᠂ ᠨᠦᠢᠷ ᠢ ᠰᠠᠶᠢᠵᠢᠷᠠᠭᠤᠯᠤᠨ᠎ᠠ᠃ | ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠶᠠᠳᠠᠷᠠᠭ᠎ᠠ ᠶᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃ ᠴᠢᠰᠤ ᠶᠢ | ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃ ᠴᠢᠰᠤᠨ ᠤ ᠦᠭᠡᠬᠦ ᠶᠢ ᠪᠠᠭᠤᠷᠠᠭᠤᠯᠵᠤ ᠰᠢᠬᠢᠷ | ᠰᠢᠵᠢᠩ ᠡᠪᠡᠳᠴᠢᠨ ᠢ ᠰᠡᠷᠭᠡᠶᠢᠯᠡᠳᠡᠭ᠃ ᠪᠠᠺᠲ᠋ᠧᠷᠢ ᠶᠢ ᠤᠰᠠᠳᠬᠠᠨ᠂ ᠦᠷᠪᠢᠰᠤᠯ ᠢ ᠳᠠᠷᠤᠵᠤ᠂ ᠡᠪᠡᠳᠴᠢᠨ | ᠬᠠᠯᠳᠠᠪᠤᠷᠢᠯᠠᠬᠤ ᠶᠢ ᠰᠡᠷᠭᠡᠶᠢᠯᠡᠨ᠎ᠡ᠃ ᠰᠦᠰᠦᠨ ᠤ ᠴᠢᠯᠠᠭᠤᠯᠢᠭ ᠠᠯᠺᠦᠤᠯ ᠢ ᠪᠠᠭᠤᠷᠠᠭᠤᠯᠤᠨ᠎ᠠ᠃ ᠦᠮᠠᠨ | ᠡᠪᠡᠳᠴᠢᠨ ᠢ ᠰᠡᠷᠭᠡᠶᠢᠯᠡᠳᠡᠭ᠃ | ᠼᠤᠦ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄ ᠬᠦᠮᠦᠰ ᠼᠤᠦ ᠳᠤ ᠰᠠᠷᠢᠮᠰᠠᠭ | ᠳᠡᠪᠲᠦᠭᠡᠬᠦ ᠳᠡᠭᠡᠨ ᠳᠠᠪᠤᠰᠤ ᠠᠷᠪᠢᠨ ᠬᠢᠳᠡᠭ᠂ ᠲᠡᠷᠡᠴᠢᠯᠡᠨ ᠼᠤᠦ ᠳᠤ ᠳᠡᠪᠲᠦᠭᠡᠭᠰᠡᠨ ᠰᠠᠷᠢᠮᠰᠠᠭ ᠢᠶᠠᠨ | ᠳᠠᠪᠤᠰᠤᠯᠠᠭᠰᠠᠨ ᠨᠤᠭᠤᠭ᠎ᠠ ᠪᠤᠯᠭᠠᠨ ᠡᠳᠦᠷ ᠪᠦᠷᠢ ᠬᠡᠳᠦ ᠤᠯᠠᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ | ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃ ᠰᠠᠷᠢᠮᠰᠠᠭ ᠪᠤᠯ ᠭᠤᠱᠤᠭᠤᠨ ᠴᠢᠨᠠᠷ ᠲᠠᠢ | ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ ᠡᠪ ᠦᠭᠡᠢ ᠪᠠᠶᠢᠳᠠᠯ ᠳᠤ ᠤᠷᠤᠭᠤᠯᠳᠠᠭ᠃ | ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨ b ᠶᠢᠨ | ᠰᠢᠩᠭᠡᠭᠡᠯᠲᠡ ᠶᠢ ᠨᠦᠯᠦᠭᠡᠯᠡᠳᠡᠭ᠃ ᠠᠩᠬᠠᠷᠤᠭᠤᠰᠢᠲᠠᠢ ᠵᠦᠢᠯ᠄ | 1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠭᠡᠪᠡᠴᠦ | ᠨᠠᠶᠢᠳᠠᠨ ᠲᠦᠰᠢᠭᠯᠡᠵᠦ ᠪᠤᠯᠬᠤ ᠦᠭᠡᠢ᠃ | 2. ᠼᠤᠦ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠨᠢ ᠪᠠᠭᠤᠷᠠᠳᠠᠭ᠃ | 3. ᠼᠤᠦ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠪᠠᠷ ᠢᠳᠡᠵᠦ ᠪᠤᠯᠤᠨ᠎ᠠ᠂ ᠭᠡᠪᠡᠴᠦ ᠡᠳᠦᠷ | ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠢᠳᠡᠪᠡᠯ ᠪᠤᠯᠴᠢᠬᠠᠨ᠎ᠠ᠃ ᠰᠤᠩᠭᠢᠨ᠎ᠠ | ᠰᠠᠷᠢᠮᠰᠠᠭ ᠤᠨ ᠴᠡᠭᠡᠷ ᠬᠢᠭᠡᠳ ᠵᠠᠰᠠᠯ ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃ ᠨᠢᠳᠦᠨ ᠤ | ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃ ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ | ᠬᠠᠮᠠᠷ ᠲᠠᠭᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃ ᠰᠠᠷᠢᠮᠰᠠᠭ ᠢ ᠬᠡᠷᠴᠢᠭᠡᠳ ᠴᠠᠢ ᠪᠠᠷ | ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠨᠠᠮᠳᠠᠭᠠᠨ᠎ᠠ᠃ |