ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠳᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠬᠠᠤᠯᠢ ᠴᠠᠭᠠᠵᠠ ᠶᠢᠨ ᠶᠠᠮᠤᠨ ︽ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠵᠦ ᠠᠪᠤᠷᠠᠨ ᠬᠠᠮᠠᠭᠠᠠᠯᠬᠤ︾ | ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ ᠢ ᠲᠦᠷᠦᠭᠦᠬᠡᠨ ᠳᠠᠷᠤᠮᠠᠯᠯᠠᠨ ᠲᠠᠷᠬᠠᠭᠠᠵᠤ᠂ ᠲᠤᠰᠬᠠᠢ ᠬᠠᠯᠠᠮᠰᠢᠯ | ᠤᠲᠠᠰᠤ ᠭᠠᠷᠭᠠᠬᠤ᠂ ᠲᠤᠰᠬᠠᠢ ᠦᠢᠯᠡᠴᠢᠯᠡᠭᠡ ᠥᠷᠨᠢᠭᠦᠯᠬᠦ᠂ ᠲᠤᠰᠠᠯᠠᠬᠤ ᠪᠠᠷᠢᠮᠵᠢᠶ᠎ᠠ ᠶᠢ ᠪᠠᠭᠤᠷᠠᠭᠤᠯᠬᠤ ᠵᠡᠷᠭᠡ | ᠠᠭᠤᠯᠭ᠎ᠠ ᠶᠢᠨ ᠲᠣᠭᠤᠷᠢᠨ ᠳᠤ 10 ᠵᠦᠢᠯ ᠤᠨ ᠠᠵᠢᠯᠯᠠᠭᠠᠨ ᠤ ᠠᠷᠭ᠎ᠠ ᠬᠡᠮᠵᠢᠶ᠎ᠡ ᠳᠤᠷᠠᠳᠪᠠ᠃ | ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢ ᠯᠠᠪᠯᠠᠨ ᠲᠠᠨᠢᠯᠴᠠᠭᠤᠯᠬᠤ ᠪᠠ | ᠲᠦᠪᠡᠭ ᠪᠤᠳᠤᠯᠢᠶᠠᠨᠲᠠᠢ ᠨᠡᠶᠢᠭᠡᠮ ᠤᠨ ᠨᠥᠯᠥᠭᠡ ᠶᠡᠬᠡᠲᠡᠢ ᠬᠡᠷᠡᠭ ᠢ ᠲᠤᠰᠬᠠᠢ ᠬᠠᠤᠯᠢᠴᠢ ᠲᠣᠮᠢᠯᠠᠬᠤ᠂ ᠲᠠᠰ | ᠳᠡᠪᠰᠢᠭᠦᠯᠦᠨ ᠬᠠᠤᠯᠢᠴᠢ ᠲᠣᠮᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠠᠨ ᠭᠦᠢᠴᠡᠳᠬᠡᠬᠦ ᠬᠠᠤᠯᠢᠴᠢ ᠶᠢᠨ | ᠲᠤᠰᠬᠠᠢ ᠪᠣᠯᠪᠠᠰᠤᠷᠠᠯ ᠬᠦᠷᠲᠡᠵᠦ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠣᠨᠴᠠᠯᠢᠭ ᠢ | ᠣᠶᠢᠯᠠᠭᠠᠬᠤ ᠶᠢ ᠦᠨᠡᠨ ᠬᠦ ᠪᠠᠲᠤᠯᠠᠨ᠎ᠠ᠃ ᠡᠴᠦᠰ ᠲᠤᠨᠢ ᠲᠤᠯᠲᠠᠯ᠎ᠠ ᠲᠤᠰᠠᠯᠠᠵᠤ᠂ ᠠᠳᠠᠯᠢ ᠨᠢᠭᠡᠨ ᠬᠡᠷᠡᠭ ᠤᠨ | ᠠᠳᠠᠯᠢ ᠪᠤᠰᠤ ᠱᠠᠲᠤᠨ ᠳᠤ ᠠᠯᠢ ᠴᠢᠳᠠᠬᠤ ᠪᠠᠷ ᠠᠳᠠᠯᠢ ᠨᠢᠭᠡᠨ ᠬᠠᠤᠯᠢᠴᠢ ᠶᠢ ᠲᠣᠮᠢᠯᠠᠨ ᠳᠠᠭᠠᠭᠠᠨ ᠬᠢᠯᠭᠡᠨ᠎ᠡ᠃ | ᠭᠡᠷ ᠲᠡᠭᠡᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ᠂ ᠵᠡᠮᠳᠡᠭ ᠬᠡᠦᠬᠡᠳ ᠲᠤ ᠪᠣᠯᠵᠣᠭᠰᠠᠨ ᠦᠢᠯᠡᠴᠢᠯᠡᠭᠡ | ᠪᠤᠶᠤ ᠭᠡᠷ ᠲᠤᠨᠢ ᠬᠦᠷᠴᠦ ᠦᠢᠯᠡᠴᠢᠯᠡᠭᠡ ᠬᠠᠩᠭᠠᠨ᠎ᠠ᠃ | ᠮᠡᠳᠡᠭᠳᠡᠯ ᠳᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ ᠶᠢ ᠨᠠᠶᠢᠳᠠᠪᠤᠷᠢᠵᠢᠭᠤᠯᠵᠤ᠂ ᠬᠠᠯᠠ | ᠠᠮᠰᠠᠭᠰᠠᠨ᠂ ᠣᠷᠬᠢᠭᠳᠠᠭᠰᠠᠨ ᠪᠤᠶᠤ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠨᠠᠰᠤᠨ ᠳᠤ ᠥᠯᠥ | ᠭᠦᠷᠦᠭᠰᠡᠳ ᠲᠤ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠠᠵᠤ ᠠᠬᠤᠢ ᠶᠢᠨ ᠬᠦᠴᠢᠷᠳᠡᠯ ᠤᠨ | ᠨᠥᠬᠦᠴᠡᠯ ᠳᠤ ᠬᠢᠵᠠᠭᠠᠷᠯᠠᠭᠳᠠᠬᠤ ᠦᠭᠡᠢ᠃ ᠲᠣᠭᠲᠠᠭᠰᠠᠨ ᠠᠵᠤ ᠠᠬᠤᠢ ᠶᠢᠨ ᠤᠷᠤᠯᠭ᠎ᠠ ᠦᠭᠡᠢ ᠨᠠᠰᠤᠨ ᠳᠤ ᠦᠯᠦ | ᠭᠦᠷᠦᠭᠰᠡᠳ ᠢ ᠠᠵᠤ ᠠᠬᠤᠢ ᠶᠢᠨ ᠬᠦᠴᠢᠷᠳᠡᠯ ᠤᠨ ᠪᠠᠶᠢᠳᠠᠯ ᠢ ᠨᠢ ᠬᠢᠨᠠᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ | ᠡᠯ᠎ᠡ ᠭᠠᠵᠠᠷ ᠤᠨ ᠨᠠᠰᠤᠨ ᠳᠤ ᠭᠦᠷᠦᠭᠡᠳᠦᠢ ᠬᠤᠣᠷᠯᠠᠭᠳᠠᠭᠴᠢ ᠶᠢᠨ ᠬᠠᠤᠯᠢ ᠴᠠᠭᠠᠵᠠ ᠶᠢᠨ ᠲᠤᠰᠠᠯᠠᠮᠵᠢ ᠭᠦᠷᠳᠡᠭᠦ | ᠬᠡᠪᠴᠢᠶ᠎ᠡ ᠶᠢ ᠬᠠᠤᠯᠢ ᠶᠣᠰᠣᠭᠠᠷ ᠥᠷᠭᠡᠳᠬᠡᠬᠦ ᠶᠢ ᠳᠡᠮᠵᠢᠨ᠎ᠡ ᠭᠡᠵᠦ ᠳᠤᠷᠠᠳᠴᠠᠢ᠃ ᠣᠶᠢᠯᠠᠭᠠᠭᠰᠠᠨ ᠢᠶᠠᠷ᠂ 2023 | ᠣᠨ ᠳᠤ ᠪᠦᠭᠦ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠨᠡᠶᠢᠲᠡ 18 ᠲᠦᠮᠡᠨ ᠬᠤᠪᠢ ᠵᠣᠬᠢᠶᠠᠨ | ᠪᠠᠶᠢᠭᠤᠯᠤᠨ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠲᠤ ᠬᠠᠤᠯᠢ ᠴᠠᠭᠠᠵᠠ ᠶᠢᠨ ᠵᠥᠪᠯᠡᠯᠭᠡ 15 | ᠲᠦᠮᠡᠨ ᠬᠥᠮᠥᠨ ᠤᠳᠠᠭ᠎ᠠ ᠬᠠᠩᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ | ᠬᠦᠴᠦᠲᠡᠢ ᠬᠠᠮᠠᠭᠠᠯᠠᠪᠠ᠃ |