1— 2 ᠰᠠᠷ᠎ᠠ ᠳᠤ ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠰᠠᠶᠢᠵᠢᠷᠠᠵᠤ ᠡᠬᠢᠯᠡᠪᠡ
ᠨᠡᠶᠢᠲᠡᠯᠡᠭᠰᠡᠨ ᠴᠠᠭ᠄
2025/3/22
    1— 2 ᠰᠠᠷ᠎ᠠ ᠳᠤ᠂ ᠬᠥᠨᠳᠡᠯᠡᠨ ᠲᠣᠭᠤᠷᠢᠭ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠵᠤ᠂ ᠪᠤᠭᠤᠲᠤ ᠬᠤᠲᠠ ᠶᠢᠨ ︽3 + 5 + N︾ ᠭᠤᠤᠯᠳᠠᠯᠭ᠎ᠠ ᠲᠠᠢ ᠠᠵᠤ ᠦᠶᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠢ ᠲᠦᠷᠭᠡᠳᠬᠡᠨ ᠪᠠᠶᠢᠭᠤᠯᠵᠤ᠂ ᠨᠦᠬᠡᠴᠡ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠲᠣᠪᠤᠶᠢᠮ᠎ᠠ ᠦᠷ᠎ᠡ ᠪᠦᠲᠦᠮᠵᠢ ᠣᠯᠵᠤ᠂ ᠪᠥᠬᠦ ᠲᠤᠭᠤᠷᠢᠭ ᠤᠨ ᠠᠵᠤ ᠠᠬᠤᠶ ᠶᠢᠨ ᠡᠷᠬᠢᠯᠳᠡ ᠲᠦᠷᠬᠡᠨ ᠡᠬᠢᠯᠡᠯᠳᠡ ᠶᠢ ᠪᠡᠶᠡᠯᠡᠬᠦᠯᠪᠡ᠃    1— 2 ᠰᠠᠷ᠎ᠠ ᠳᠤ᠂ ᠬᠥᠨᠳᠡᠯᠡᠨ ᠲᠣᠭᠤᠷᠢᠭ ᠤᠨ ᠭᠤᠤᠯ ᠪᠣᠯᠬᠤ ᠠᠵᠤ ᠠᠬᠤᠶ ᠶᠢᠨ ᠬᠦᠭᠵᠢᠯᠳᠠ ᠶᠢᠨ ᠪᠠᠶᠢᠳᠠᠯ ᠰᠠᠶᠢᠵᠢᠷᠠᠪᠠ᠃ 1— 2 ᠰᠠᠷ᠎ᠠ ᠳᠤ᠂ ᠬᠥᠨᠳᠡᠯᠡᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 21.0% ᠪᠠᠷ ᠨᠡᠮᠡᠭᠳᠡᠵᠦ᠂ 2024 ᠣᠨ ᠤ ᠪᠦᠬᠦ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 12.2 ᠬᠤᠪᠢ ᠲᠦᠷᠬᠡᠨ ᠪᠤᠯᠵᠤ᠂ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 5.0 ᠬᠤᠪᠢ ᠥᠨᠳᠥᠷ ᠪᠠᠶᠢᠵᠤ᠂ ᠪᠦᠬᠦ ᠬᠤᠳᠠ ᠶᠢᠨ 4 ᠳ᠋ᠤᠭᠡᠷ ᠲᠤ ᠣᠷᠣᠵᠤ᠂ ᠵᠢᠬᠰᠠᠭᠠᠯᠲᠠ ᠶᠢᠨ ᠪᠠᠶᠢᠷᠢ ᠨᠢ 2024 ᠣᠨ ᠤ ᠪᠦᠬᠦ ᠵᠢᠯ ᠤᠨ ᠬᠢ ᠠᠴᠠ 5 ᠨᠡᠷᠡᠰ ᠡᠮᠦᠨᠡᠰᠢᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.3% ᠨᠡᠮᠡᠭᠳᠡᠵᠦ᠂ ᠶᠡᠷᠦᠩᠬᠡᠢ ᠬᠡᠮᠵᠢᠶ᠎ᠡ ᠦᠷᠭᠦᠯᠵᠢᠯᠡᠨ ᠪᠦᠬᠦ ᠬᠤᠲᠠ ᠶᠢᠨ ᠲᠡᠷᠢᠭᠦᠨ ᠪᠠᠶᠢᠷᠢ ᠶᠢ ᠪᠠᠲᠤᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 50.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ 2024 ᠣᠨ ᠤ ᠪᠦᠬᠦ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 3.5 ᠬᠤᠪᠢ ᠲᠦᠷᠬᠡᠨ ᠪᠤᠯᠵᠤ᠂ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.6 ᠬᠤᠪᠢ ᠥᠨᠳᠥᠷ ᠪᠠᠶᠢᠵᠤ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ 1  ᠳ᠋ᠤᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ 3 ᠳ᠋ᠤᠭᠠᠷ ᠲᠤ ᠣᠷᠣᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号