1— 2 ᠰᠠᠷ᠎ᠠ ᠳᠤ᠂ ᠬᠥᠨᠳᠡᠯᠡᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠤᠭᠰᠠᠨ ᠬᠡᠮᠵᠢᠶ᠎ᠡ 50.10 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ | ᠬᠤᠳᠠ ᠶᠢᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ | ᠨᠢᠳᠤᠨᠤᠨ ᠤ ᠪᠦᠬᠦ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 3.5 ᠬᠤᠪᠢ ᠲᠦᠷᠬᠡᠨ ᠪᠤᠯᠵᠤ᠂ ᠪᠦᠬᠦ | ᠬᠤᠳᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.6 ᠬᠤᠪᠢ ᠥᠨᠳᠥᠷ ᠪᠠᠶᠢᠵᠤ᠂ ᠪᠦᠬᠦ ᠬᠤᠳᠠ ᠳᠤ ᠬᠤᠪᠢ | ᠨᠡᠮᠡᠷᠢ ᠦᠵᠡᠭᠦᠯᠦᠭᠰᠡᠨ ᠨᠤᠷᠮ᠎ᠠ 41.0% ᠲᠤ ᠬᠦᠷᠴᠡᠢ᠃ | ᠬᠢᠵᠠᠭᠠᠷᠯᠠᠬᠰᠠᠨ ᠬᠡᠮᠵᠢᠶ᠎ᠡ ᠠᠴᠠ ᠳᠡᠭᠡᠭᠰᠢᠬᠢ ᠬᠡᠷᠡᠭᠯᠡᠭᠡ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ | ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠬᠤᠪᠢᠶᠠᠵᠤ ᠦᠵᠡᠪᠡᠯ᠂ | ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ︔ | ᠲᠠᠸᠠᠷ ᠤᠨ ᠵᠢᠵᠢᠭᠯᠡᠨ ᠪᠣᠷᠣᠯᠠᠭᠤᠯᠠᠭᠤᠯᠤᠬᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.8% ᠪᠠᠷ | ᠨᠡᠮᠡᠭᠳᠡᠪᠡ᠃ | ᠬᠠᠳᠠᠭᠤ ᠬᠡᠷᠡᠭᠴᠡᠭᠡ ᠶᠢᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠶᠯ ᠦᠷᠭᠦᠯᠵᠢᠯᠡᠨ | ᠪᠣᠷᠣᠯᠠᠭᠤᠯᠭ᠎ᠠ ᠰᠠᠶᠢᠲᠠᠶ ᠪᠠᠶᠢᠵᠤ᠂ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠲᠥᠷᠥᠯ ᠨᠢ ᠠᠳᠠᠯᠢ | ᠬᠤᠭᠤᠴᠠᠭᠠᠨ ᠤ ᠬᠢ ᠠᠴᠠ 16.5% ᠪᠠᠷ ᠨᠡᠮᠡᠭᠳᠡᠪᠡ᠃ ︽ᠬᠤᠶᠠᠷ ᠰᠢᠨᠡᠳᠬᠡᠬᠦ︾ ᠲᠥᠷᠥ ᠶᠢᠨ ᠪᠣᠳᠣᠯᠭ᠎ᠠ ᠨᠢ | ᠬᠥᠨᠳᠡᠯᠡᠨ ᠲᠣᠭᠤᠷᠢᠭ ᠤᠨ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠲᠦᠷᠭᠡᠨ | ᠳᠡᠭᠡᠭᠰᠢᠯᠡᠭᠦᠯᠪᠡ᠃ ᠬᠡᠷ ᠤᠨ ᠴᠠᠬᠢᠯᠭᠠᠨ ᠬᠡᠷᠡᠭᠰᠡᠯ ᠪᠣᠯᠤᠨ ᠲᠠᠭᠤ ᠳᠦᠷᠰᠦ ᠰᠢᠩᠬᠡᠬᠡᠯᠳᠡ ᠶᠢᠨ ᠪᠠᠭᠠᠵᠢ ᠬᠡᠷᠡᠭᠰᠡᠯ ᠤᠨ | ᠲᠥᠷᠥᠯ ᠤᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 104.2% ᠢᠶᠠᠷ | ᠨᠡᠮᠡᠭᠳᠡᠪᠡ᠂ ᠡᠭᠦᠨ ᠳᠤ᠂ ᠤᠶᠤᠨᠲᠤ ᠬᠡᠷ ᠤᠨ ᠴᠠᠬᠢᠯᠭᠠᠨ ᠬᠡᠷᠡᠭᠰᠡᠯ ᠪᠣᠯᠤᠨ ᠲᠠᠭᠤ ᠳᠦᠷᠰᠦ ᠰᠢᠩᠬᠡᠬᠡᠯᠳᠡ ᠶᠢᠨ | ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 99.5% ᠪᠠᠷ ᠨᠡᠮᠡᠭᠳᠡᠪᠡ᠃ ᠲᠣᠭᠠᠴᠢᠯᠠᠭᠰᠠᠨ | ᠦᠶᠯᠡᠳᠬᠦᠨ ᠢ ᠬᠤᠳᠠᠯᠳᠤᠨ ᠠᠪᠬᠤ ᠳᠤ 3C ᠤᠯᠤᠰ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠰᠢᠨ᠎ᠡ ᠪᠠᠷ ᠭᠥᠷᠳᠡᠵᠦ᠂ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠬᠡᠴᠢ ᠶᠢᠨ ᠴᠢᠮᠡᠭᠡ ᠬᠤᠯᠪᠣᠭᠠᠨ ᠤ ᠪᠠᠭᠠᠵᠢ | ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 82.1% ᠪᠠᠷ ᠨᠡᠮᠡᠭᠳᠡᠪᠡ᠃ | ᠰᠦᠯᠵᠢᠶᠡᠨ ᠳᠡᠭᠡᠷᠡᠬᠢ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ᠃ ᠡᠯ᠎ᠡ ᠲᠥᠷᠥᠯ ᠤᠨ ᠬᠡᠷᠡᠭᠯᠡᠭᠡᠨ ᠤ | ᠡᠵᠡᠩᠨᠡᠯᠲᠡ ᠶᠢᠨ ᠬᠡᠯᠪᠡᠷᠢ ᠨᠢ ᠢᠳᠡᠪᠬᠢᠲᠡᠶ ᠪᠠᠷ ᠲᠤᠭᠠᠴᠢᠯᠠᠬᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠳᠠᠭᠠᠯᠳᠤᠨ᠂ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ | ᠪᠤᠷᠤᠯᠠᠭᠤᠯᠤᠬᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ᠃ | |