3 ᠰᠠᠷ᠎ᠠ ᠶᠢᠨ 20 ᠤ ᠡᠳᠦᠷ᠂ ᠪᠥᠬᠦ ᠲᠤᠭᠤᠷᠢᠭ ᠤᠨ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ | ᠹᠷᠣᠨᠲ ᠨᠡᠶᠢᠭᠡᠮ ᠤᠨ ᠠᠵᠢᠯ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠵᠢᠴᠢ ᠲᠤᠭᠤᠷᠢᠭ ᠤᠨ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠲᠤᠭᠤᠷᠢᠭ ᠤᠨ | ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠢ ᠡᠷᠭᠢᠯᠡᠪᠡ᠃ | ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ | ᠰᠤᠯᠠ ᠣᠷᠣᠯᠴᠠᠪᠠ᠃ | ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠸᠠᠩ ᠭᠠᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠬᠤᠸᠠ᠂ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠷᠦᠢ ᠯᠦᠩ᠂ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠭᠦᠸᠧ | ᠴᠢᠶᠠᠩ ᠲᠣᠰ ᠲᠣᠰ ᠪᠣᠳᠠᠲᠠᠶ ᠪᠠᠶᠢᠷᠢᠯᠠᠭᠤᠯᠤᠯᠲᠠ ᠬᠢᠪᠠ᠃ | ᠬᠤ᠋ ᠴᠢᠶᠠᠩ ᠡᠯ᠎ᠡ ᠹᠷᠣᠨᠲ ᠤᠨ ᠥᠩᠭᠡᠷᠡᠭᠰᠡᠨ ᠨᠢᠭᠡ ᠵᠢᠯ ᠳᠤ ᠣᠯᠤᠭᠰᠠᠨ ᠠᠵᠢᠯ ᠤᠨ ᠠᠮᠵᠢᠯᠲᠠ ᠶᠢ | ᠭᠦᠢᠴᠡᠳ ᠨᠤᠲᠠᠯᠠᠪᠠ᠃ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠢ ᠬᠤ᠋ ᠴᠢᠶᠠᠩ᠂ ᠡᠯ᠎ᠡ ᠹᠷᠣᠨᠲ ᠤᠨ ᠬᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ | ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠠᠵᠢᠯ ᠢᠶᠠᠨ ᠪᠣᠳᠠᠲᠠᠢ ᠭᠦᠨᠵᠡᠭᠡᠢ ᠠᠳᠬᠤᠬᠤ | ᠬᠡᠷᠡᠭᠲᠡᠢ᠃ ᠵᠣᠬᠢᠶᠠᠨ ᠪᠠᠶᠢᠭᠤᠯᠬᠤ ᠠᠵᠢᠯ ᠳᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ ᠤᠬᠠᠭᠤᠯᠭ᠎ᠠ ᠶᠢᠨ ᠠᠵᠢᠯ ᠳᠤ | ᠡᠷᠴᠢ ᠵᠣᠷᠢᠭ ᠢᠶᠠᠨ ᠭᠦᠶᠴᠡᠳ ᠪᠠᠳᠠᠷᠠᠭᠤᠯᠵᠤ᠂ ᠭᠤᠤᠯ ᠶᠠᠷᠢᠶ᠎ᠠ ᠬᠡᠯᠡᠯᠴᠡᠭᠡ ᠶᠢ ᠪᠤᠢ ᠪᠤᠯᠭᠠᠨ ᠪᠤᠵᠠᠭᠠᠶᠢᠷᠠᠭᠤᠯᠤᠨ᠂ | ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠬᠥᠨᠳᠡᠯᠡᠨ ᠲᠣᠭᠤᠷᠢᠭ ᠤᠨ ᠥᠯᠢᠭᠡᠷ ᠢ ᠰᠠᠶᠢᠲᠤᠷ | ᠶᠠᠷᠢᠬᠤ ᠬᠡᠷᠡᠭᠲᠡᠶ︔ ᠨᠢᠭᠡᠳᠦᠮᠡᠯ ᠹᠷᠣᠨᠲ ᠤᠨ ᠠᠵᠢᠯ ᠨᠢ ᠪᠦᠯᠬᠦᠮᠳᠡᠯ ᠢᠶᠠᠨ ᠴᠢᠩᠭᠠᠳᠬᠠᠵᠤ᠂ ᠡᠯ᠎ᠡ ᠡᠲᠡᠭᠡᠳ ᠤᠨ | ᠤᠶᠤᠨ ᠤᠬᠠᠭᠠᠨ ᠢ ᠲᠥᠪᠯᠡᠷᠡᠭᠦᠯᠦᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠨᠡᠶᠢᠭᠡᠮ ᠤᠨ ᠡᠶ᠎ᠡ | ᠵᠣᠬᠢᠴᠠᠯ ᠢ ᠠᠬᠢᠭᠤᠯᠬᠤ ᠬᠡᠷᠡᠭᠲᠡᠢ︔ ᠨᠡᠶᠢᠭᠡᠮ ᠤᠨ ᠠᠵᠢᠯ ᠳᠤ ᠠᠮᠢᠵᠢᠷᠠᠯ ᠤᠨ ᠬᠦᠴᠦᠨ ᠢ ᠬᠥᠭᠵᠢᠭᠡᠵᠦ᠂ | ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢᠨ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠨ | ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠦᠨ ᠠᠬᠢᠭᠤᠯᠵᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠬᠦ | ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠬᠥᠭᠵᠢᠯᠲᠡ ᠶᠢ ᠬᠠᠮᠠᠭᠠᠯᠠᠵᠤ᠂ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ︽ᠠᠮᠤᠭᠤᠯᠠᠩᠲᠦ ᠬᠥᠨᠳᠡᠯᠡᠨ︾᠂ ︽ᠬᠠᠤᠯᠢᠵᠢᠯ ᠤᠨ ᠬᠥᠨᠳᠡᠯᠡᠨ︾ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ︔ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ | ᠲᠠᠷᠢᠶᠠᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠵᠣᠬᠢᠴᠠᠭᠤᠯᠤᠨ ᠬᠠᠮᠵᠢᠯᠴᠠᠵᠤ᠂ ᠬᠠᠮᠲᠤᠷᠠᠯ | ᠬᠦᠴᠦᠨ ᠢ ᠪᠦᠷᠢᠯᠳᠦᠭᠦᠯᠵᠦ᠂ ᠪᠥᠬᠦ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ | ᠳᠠᠭᠠᠭᠤᠯᠤᠭᠴᠢ ᠪᠣᠯᠬᠤ ᠪᠠᠷ ᠴᠢᠷᠮᠠᠶᠢᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠤ ᠱᠠᠭᠠᠷᠳᠠᠪᠠ᠃ ︵ | ᠰᠤᠷᠪᠤᠯᠵᠢᠯᠠᠭᠴᠢ᠄ ᠰᠢᠶᠤᠤ ᠯᠢ ᠶᠢᠩ ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ | ᠠᠯᠪᠠᠨ ᠬᠡᠷ︶ | |