3 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ 4 ᠳ᠋ᠤᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠦᠶᠵᠧᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠨᠠᠷ ᠰᠠᠶᠢᠲᠠᠶ ᠬᠥᠭᠵᠢᠯᠲᠡ ᠪᠠᠷ ᠪᠥᠬᠦ | ᠲᠠᠯ᠎ᠠ ᠶᠢ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠤ ᠦᠶᠯᠡᠰ ᠤᠨ ᠬᠡᠯᠪᠡᠷᠢ ᠶᠢ | ᠬᠤᠪᠢᠷᠠᠭᠤᠯᠬᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ | ᠤᠷᠤᠭᠤᠯᠤᠨ ᠠᠪᠴᠢᠷᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ︽ᠭᠤᠷᠪᠠᠨ ᠪᠠᠶᠢᠭ᠎ᠠ ᠬᠤᠶᠠᠷ ᠢ ᠡᠷᠢᠵᠤ ᠦᠭᠬᠦ︾ ᠠᠵᠢᠯ ᠢᠶᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠡᠭᠡᠳᠦ ᠱᠠᠲᠤᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ︽ᠬᠥᠨᠳᠡᠯᠡᠨ ᠲᠣᠭᠤᠷᠢᠭ ᠤᠨ 2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠲᠥᠰᠦᠯ ︵ᠬᠦᠷᠬᠡᠨ ᠬᠢᠨᠠᠭᠤᠯᠬᠤ ᠨᠤᠤᠷᠠᠭ︶︾ ᠢ | ᠰᠤᠳᠤᠯᠤᠨ ᠬᠢᠨᠠᠨ ᠵᠥᠪᠯᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ | ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠮᠠᠨ ᠤ ᠲᠤᠭᠤᠷᠢᠭ ᠤᠨ ᠲᠡᠷᠢᠭᠦᠨ ᠤ ᠲᠤᠷᠰᠢᠯᠭ᠎ᠠ | ᠪᠣᠯᠤᠨ ᠪᠣᠯᠪᠠᠰᠤᠷᠠᠩᠭᠤᠶ ᠠᠷᠭ᠎ᠠ ᠬᠢᠳᠡᠯ ᠢ ᠰᠢᠷᠭᠠᠭᠠᠨ ᠳ᠋ᠦᠩᠨᠡᠵᠦ᠂ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽2025 ᠣᠨ ᠤ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ | ᠲᠤᠰᠢᠶᠠᠯᠲᠤ ᠭᠠᠯ ᠤᠨᠲᠠᠷᠠᠭᠠᠭᠴᠢ ᠶᠢ ᠤᠷᠢᠨ ᠡᠯᠰᠡᠬᠦ ᠲᠤᠬᠠᠢ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ | ᠨᠤᠤᠷᠠᠭ︶︾ ᠢ ᠰᠤᠳᠤᠯᠤᠨ ᠬᠢᠨᠠᠨ ᠵᠥᠪᠯᠡᠵᠦ᠂ ︽ᠡᠷᠬᠡ ᠲᠡᠭᠰᠢ᠂ ᠲᠥᠪ ᠭᠤᠤᠯᠴᠢ᠂ ᠢᠯᠡ᠂ ᠰᠢᠯᠢᠳᠡᠭ ᠢ ᠨᠢ | ᠰᠣᠩᠭᠤᠬᠤ︾ ᠵᠠᠷᠴᠢᠮ ᠶᠣᠰᠣᠭᠠᠷ᠂ ᠬᠢᠷᠢ ᠬᠡᠮ ᠢ ᠬᠢᠨᠠᠨ ᠪᠠᠶᠢᠴᠠᠭᠠᠬᠤ᠂ ᠰᠤᠩᠭᠤᠨ ᠤᠷᠢᠨ ᠡᠯᠰᠡᠬᠦ ᠪᠠ ᠡᠯᠰᠡᠵᠤ | ᠭᠡᠷᠡᠭᠯᠡᠬᠦ ᠠᠴᠠ ᠡᠮᠦᠨᠡᠬᠢ ᠪᠠᠶᠢᠴᠠᠭᠠᠯᠳᠠ ᠵᠡᠷᠬᠡ ᠡᠯ᠎ᠡ ᠭᠤᠭᠴᠣᠭᠠᠨ ᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠥᠬᠦ ᠶᠠᠪᠤᠴᠠ ᠶᠢᠨ ᠬᠠᠤᠯᠢ ᠶᠤᠰᠤᠨ ᠤ ᠲᠣᠭᠲᠠᠭᠠᠯ ᠳᠤ | ᠨᠡᠶᠢᠴᠡᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠳᠤ ᠵᠥᠪᠯᠡᠯᠴᠡᠭᠡᠷ ᠲᠣᠭᠲᠠᠬᠤ ᠪᠠᠷ ᠪᠠᠶᠢᠭ᠎ᠠ᠂ ᠡᠳ᠋ | ᠬᠥᠷᠥᠩᠭᠡ ᠶᠢ ᠰᠢᠶᠳᠪᠦᠷᠢᠯᠡᠬᠦ᠂ ᠭᠠᠵᠠᠷ ᠰᠢᠷᠣᠶ ᠶᠢ ᠲᠠᠲᠠᠪᠤᠷᠢᠯᠠᠬᠤ ᠵᠡᠷᠭᠡ ᠪᠤᠰᠤᠳ ᠵᠦᠶᠯᠡᠰ ᠢ ᠰᠤᠳᠤᠯᠪᠠ᠃ ︵ | ᠢᠷᠡᠯᠲᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |