ᠬᠤ᠋ ᠴᠢᠶᠠᠩ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/24
    3 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠥᠨᠳᠡᠯᠡᠨ ᠠᠵᠤ ᠠᠬᠤᠢ ᠮᠡᠷᠭᠡᠵᠢᠯ ᠤᠨ ᠨᠡᠬᠡᠬᠡᠯᠳᠡ ᠶᠢᠨ ᠲᠤᠭᠤᠷᠢᠭ᠂ ᠪᠤᠷᠬᠠᠨᠲᠤ ᠪᠠᠯᠭᠠᠰᠤᠨ ᠳᠤ ᠬᠦᠷᠴᠦ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃     ᠬᠤ᠋ ᠴᠢᠶᠠᠩ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ  ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠭᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠪᠠᠶᠢᠩᠭᠤ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠭ ᠤᠨ ᠲᠡᠰ ᠳᠠᠷᠠᠭᠠᠯᠠᠯ ᠵᠠᠩᠬᠢᠯᠠᠭ᠎ᠠ ᠶᠢᠨ ᠴᠡᠭ ᠢ ᠨᠢᠬᠳᠠ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠴᠢᠨᠠᠷ ᠰᠠᠶᠢᠲᠠᠶ ᠪᠡᠶᠡᠯᠡᠭᠦᠯᠵᠦ᠂ ᠦᠷ᠎ᠡ ᠪᠦᠲᠦᠭᠡᠯ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃       ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠡᠤ ᠱᠧᠨ ᠮᠦᠸᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号