3 ᠰᠠᠷ᠎ᠠ ᠶᠢᠨ 22 ᠤᠨ ᠡᠳᠦᠷ᠂ 23 ᠤ ᠡᠳᠦᠷ᠂ ᠬᠠᠲᠤᠨ ᠭᠤᠤᠯ ᠤᠨ ᠭᠤᠤᠯ ᠬᠡᠰᠬᠦ ᠭᠠᠶᠢᠬᠠᠮᠰᠢᠭᠲᠤ | ᠦᠵᠡᠮᠵᠢ ᠪᠠ ︽ᠬᠠᠲᠤᠨ ᠭᠤᠤᠯ ᠤᠨ ᠭᠠᠶᠢᠬᠠᠮᠰᠢᠭᠲᠤ ᠦᠵᠡᠮᠵᠢ ᠶᠢ ᠰᠣᠨᠢᠷᠬᠠᠵᠤ ᠪᠤᠭᠤᠲᠤ ᠳᠤ ᠰᠦᠩ | ᠬᠠᠯᠢᠶ᠎ᠠ ᠶᠢ ᠦᠵᠡᠬᠦ︾ ᠰᠣᠶᠣᠯ ᠵᠢᠭᠤᠯᠴᠢᠯᠠᠯ ᠤᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠬᠦ ᠶᠢ ᠳᠠᠭᠠᠯᠳᠤᠨ᠂ | ᠬᠠᠲᠤᠨ ᠭᠤᠤᠯ ᠤᠨ ᠰᠦᠮ᠎ᠡ ᠶᠢᠨ ᠴᠤᠭᠯᠠᠭᠠᠨ ᠤ ᠲᠠᠶᠢᠰᠠᠨ ᠳᠡᠭᠡᠷ᠎ᠡ ︽ᠤᠷᠢᠬᠠᠨ ᠬᠠᠪᠤᠷ ᠤᠨ ᠦᠪᠡᠳᠡᠭᠰᠢ | ᠦᠵᠡᠮᠵᠢ · ᠪᠠᠶᠠᠷ ᠪᠠᠶᠠᠰᠬᠤᠯᠠᠩᠲᠤ ᠲᠠᠭᠤᠤ ᠪᠦᠵᠢᠭ ᠤᠨ ᠨᠠᠶᠢᠷ︾ ᠤᠨ ᠭᠤᠶᠢᠳᠠ ᠰᠠᠶᠢᠬᠠᠨ ᠲᠣᠭᠯᠠᠯᠲᠠ | ᠢᠯᠡᠷᠡᠵᠤ᠂ ᠬᠤᠲᠠ ᠶᠢᠨ ᠠᠷᠠᠳ ᠪᠠ ᠵᠢᠭᠤᠯᠴᠢᠯᠠᠭᠰᠠᠳ ᠲᠤ ᠤᠯᠠᠮᠵᠢᠯᠠᠯᠲᠤ ᠵᠠᠩ ᠦᠶᠯᠡ ᠪᠠ ᠣᠲᠣ ᠦᠶ᠎ᠡ ᠶᠢᠨ | ᠤᠷᠠᠯᠢᠭ ᠢ ᠠᠭᠤᠰᠤᠯᠴᠠᠭᠤᠯᠤᠭᠰᠠᠨ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠪᠡ᠃ | | | | | ᠤᠯᠠᠮᠵᠢᠯᠠᠯᠲᠤ ᠪᠠ ᠣᠳᠣ ᠦᠶ᠎ᠡ ᠶᠢᠨ ᠠᠭᠤᠰᠤᠯᠴᠠᠯ᠂ ᠠᠷᠠᠳ ᠤᠨ ᠵᠠᠩ ᠦᠢᠯᠡ ᠶᠢᠨ ᠲᠣᠭᠯᠠᠯᠲᠠ ᠶᠢᠨ | ᠠᠬᠤᠶ ᠲᠠᠯᠠᠪᠠᠢ ᠶᠢ ᠬᠦᠷ ᠨᠠᠷᠬᠢᠶᠠᠨ ᠢᠶᠠᠷ ᠪᠢᠯᠬᠠᠭᠤᠯᠪᠠ᠃ ᠠᠵᠢᠯᠯᠠᠭ᠎ᠠ ᠳᠤᠮᠳᠠ᠂ ᠬᠥᠨᠳᠡᠯᠡᠨ ᠲᠣᠭᠤᠷᠢᠭ ᠤᠨ | ᠰᠣᠶᠣᠯ ᠤᠨ ᠣᠷᠳᠣᠨ ᠵᠢᠶᠦ᠋ᠨ ᠯᠠᠨ ᠤᠷᠠᠯᠢᠭ ᠤᠨ ᠪᠦᠯᠬᠦᠮ᠂ ᠶᠠᠩ ᠭᠤᠸᠠᠩ ᠶᠤᠸᠠᠢ ᠯᠢᠩ ᠤᠷᠠᠯᠢᠭ ᠤᠨ | ᠪᠦᠯᠬᠦᠮ ᠲᠠᠢ ᠬᠠᠮᠲᠤᠷᠠᠵᠤ᠂ ᠬᠠᠲᠤᠨ ᠭᠤᠤᠯ ᠤᠨ ᠬᠥᠪᠡᠭᠡᠨ ᠳᠤ ︽ᠯᠠᠨᠲᠤᠭᠠᠷ ᠬᠡᠦᠬᠡᠳ︾ ᠤᠨ ᠲᠣᠭᠯᠠᠯᠲᠠ ᠪᠠ | ᠤᠯᠠᠮᠵᠢᠯᠠᠯᠲᠤ ᠶᠠᠩᠭᠠᠷ ᠪᠥᠵᠢᠭ ᠲᠣᠭᠯᠠᠪᠠ᠃ ︽ᠯᠠᠨᠲᠤᠭᠠᠷ ᠬᠡᠦᠬᠡᠳ︾ ᠤᠨ ᠲᠣᠭᠯᠠᠯᠲᠠ ᠨᠢ ᠱᠤᠭ ᠶᠦᠮᠦᠷᠯᠢᠭ | ᠳᠦᠷᠢ ᠲᠥᠷᠬᠦ ᠪᠠ ᠠᠶᠢᠵᠠᠮ ᠲᠠᠭᠠᠵᠤ ᠰᠠᠵᠢᠯᠠᠭᠤᠯᠬᠤ ᠪᠥᠵᠢᠭ ᠤᠨ ᠠᠯᠬᠤᠭ᠎ᠠ ᠪᠠᠷ ᠪᠤᠭᠤᠲᠤ ᠬᠤᠲᠠ ᠶᠢᠨ | ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠶᠯᠡ ᠶᠢᠨ ᠰᠣᠶᠣᠯ ᠢ ᠢᠯᠡᠷᠡᠭᠦᠯᠪᠡ︔ ᠶᠠᠩᠭᠠᠷ ᠪᠥᠵᠢᠭ ᠨᠢ | ᠬᠡᠩᠭᠡᠷᠭᠡ ᠳᠡᠯᠡᠳᠬᠦ ᠪᠠ ᠪᠠᠶᠠᠷ ᠪᠠᠶᠠᠰᠬᠤᠯᠠᠩᠲᠤ ᠪᠥᠵᠢᠭ ᠤᠨ ᠬᠦᠳᠡᠯᠦᠯ ᠢᠶᠠᠷ ᠳᠡᠮᠵᠢᠨ᠂ ᠬᠠᠲᠤᠨ ᠭᠤᠤᠯ ᠤᠨ | ᠡᠷᠭᠢ ᠳᠠᠬᠢ ᠠᠮᠢᠵᠢᠷᠠᠯ ᠤᠨ ᠬᠦᠴᠦᠨ ᠢ ᠲᠡᠯᠬᠡᠨ ᠦᠵᠡᠬᠦᠯᠵᠤ᠂ ᠠᠬᠤᠶ ᠲᠠᠯᠠᠪᠠᠶ ᠶᠢᠨ ᠬᠤᠲᠠ ᠶᠢᠨ ᠠᠷᠠᠳ᠂ | ᠵᠢᠭᠤᠯᠴᠢᠯᠠᠬᠰᠠᠳ ᠤᠨ ᠠᠯᠠᠭ᠎ᠠ ᠲᠡᠰᠢᠯᠲᠡ ᠶᠢᠨ ᠲᠠᠭᠤᠨ ᠤᠳᠠᠳᠠᠯ᠎ᠠ ᠦᠷᠬᠦᠯᠵᠢᠯᠡᠵᠤ ᠪᠠᠶᠢᠯ᠎ᠠ᠃ | | | | | | ᠲᠣᠰ ᠤᠳᠠᠭᠠᠨ ᠤ ᠶᠠᠩᠭᠠᠷ᠂ ᠳᠠᠭᠤᠤ ᠪᠥᠵᠢᠭ ᠤᠨ ᠲᠣᠭᠯᠠᠯᠲᠠ ᠪᠣᠯ ︽2025 ᠣᠨ ᠤ ᠬᠠᠲᠤᠨ | ᠭᠤᠤᠯ ᠤᠨ ᠰᠥᠩ ᠬᠠᠯᠢᠶ᠎ᠠ ᠶᠢ ᠰᠣᠨᠢᠷᠬᠠᠬᠤ ᠭᠠᠷᠠᠭ︾ ᠤᠨ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠬᠦᠨ | ᠬᠡᠰᠡᠭ ᠪᠣᠯᠤᠨ᠎ᠠ᠃ ᠠᠵᠢᠯᠯᠠᠭ᠎ᠠ ᠨᠢ ᠤᠯᠠᠨ ᠯᠤᠭ᠎ᠠ ᠬᠦᠳᠡᠯᠦᠯᠴᠡᠬᠦ ᠲᠣᠭᠯᠠᠯᠲᠠ᠂ ᠠᠬᠤᠢ ᠦᠵᠡᠭᠳᠡᠯᠲᠦ ᠵᠦᠴᠦᠭᠡ᠂ | ᠤᠷᠠᠯᠢᠭ ᠤᠨ ᠪᠦᠳᠦᠭᠡᠭᠳᠡᠬᠦᠨ ᠤ ᠵᠠᠬ᠎ᠠ ᠳᠡᠯᠭᠡᠭᠦᠷ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠨ᠂ ᠬᠠᠲᠤᠨ | ᠭᠤᠤᠯ ᠤᠨ ᠰᠣᠶᠣᠯ ᠢ ᠪᠡᠶᠡᠴᠢᠯᠡᠨ ᠣᠶᠢᠯᠠᠭᠠᠬᠤ ᠪᠠ ᠤᠷᠢᠬᠠᠨ ᠬᠠᠪᠤᠷ ᠤᠨ ᠰᠡᠯᠡᠭᠦᠴᠡᠯ ᠵᠤᠭ᠎ᠠ ᠴᠡᠩᠭᠡᠯ ᠢ | ᠦᠷᠬᠦᠯᠵᠢᠯᠡᠬᠦᠯᠪᠡ᠃ ᠦᠵᠡᠭᠴᠢᠳ ᠲᠤ ᠭᠦᠨ ᠵᠤᠵᠠᠭᠠᠨ ᠠᠷᠠᠳ ᠤᠨ ᠵᠠᠩ ᠦᠢᠯᠡ ᠶᠢ ᠮᠡᠳᠡᠷᠡᠭᠦᠯᠵᠦ᠂ ᠬᠠᠳᠤᠨ | ᠭᠤᠤᠯ ᠤᠨ ᠰᠣᠶᠣᠯ ᠤᠨ ᠤᠶᠠᠨ ᠬᠠᠳᠠᠨ ᠴᠢᠨᠠᠷ ᠢ ᠢᠯᠡᠷᠡᠭᠦᠯᠪᠠ᠃ | | | | | ᠬᠥᠷ ᠬᠥᠭᠵᠢᠶᠡᠨᠳᠤ ᠶᠠᠩᠭᠠᠷ ᠪᠥᠵᠢᠭ ᠪᠠ ᠳᠠᠭᠤᠤ ᠪᠥᠵᠢᠭ ᠤᠨ ᠲᠣᠭᠯᠠᠯᠲᠠ ᠨᠢ ᠬᠠᠲᠤᠨ ᠭᠤᠤᠯ ᠤᠨ | ᠬᠠᠯᠢᠶ᠎ᠠ ᠶᠢ ᠰᠣᠨᠢᠷᠬᠠᠬᠤ ᠭᠠᠷᠠᠭ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠳᠤ ᠬᠥᠷ ᠨᠡᠷᠬᠢᠶᠠᠨ | ᠨᠡᠮᠡᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠰᠣᠶᠣᠯ ᠢᠶᠠᠷ ᠬᠤᠯᠪᠣᠭᠠᠰᠤ ᠪᠣᠯᠭᠠᠵᠤ᠂ ᠬᠤᠲᠠ ᠶᠢᠨ ᠠᠷᠠᠳ | ᠪᠣᠯᠤᠨ ᠵᠢᠭᠤᠯᠴᠢᠯᠠᠭᠰᠠᠳ ᠲᠤ ᠤᠷᠢᠬᠠᠨ ᠬᠠᠪᠤᠷ ᠤᠨ ᠬᠠᠲᠤᠨ ᠭᠤᠤᠯ ᠤᠨ ᠡᠷᠭᠢ ᠳᠤ ᠤᠯᠠᠮᠵᠢᠯᠠᠯᠲᠤ ᠤᠷᠠᠯᠢᠭ ᠤᠨ | ᠷᠢᠳᠢ ᠰᠢᠳᠢ ᠶᠢ ᠬᠠᠮᠲᠤ ᠪᠠᠷ ᠡᠳ᠋ᠯᠡᠭᠦᠯᠵᠦ᠂ ︽ᠪᠤᠭᠤᠲᠤ ᠶᠢᠨ ᠬᠠᠲᠤᠨ ᠭᠤᠤᠯ︾ ᠰᠣᠶᠣᠯ ᠵᠢᠭᠤᠯᠴᠢᠯᠠᠯ ᠤᠨ | ᠲᠥᠷᠥᠯ ᠲᠡᠮᠳᠡᠭ ᠢ ᠤᠯᠠᠮ ᠨᠢᠭᠡ ᠠᠯᠬᠤᠮ ᠠᠯᠳᠠᠷᠰᠢᠭᠤᠯᠤᠬᠰᠠᠨ ᠪᠠᠶᠢᠨ᠎ᠠ᠃ ᠬᠤᠶᠢᠰᠢᠳᠠ᠂ ᠬᠥᠨᠳᠡᠯᠡᠨ | ᠲᠣᠭᠤᠷᠢᠭ ᠤᠨ ᠰᠣᠶᠣᠯ ᠤᠨ ᠣᠷᠳᠣᠨ ᠬᠠᠷᠢᠶ᠎ᠠ ᠣᠷᠣᠨ ᠤ ᠤᠳᠬ᠎ᠠ ᠤᠷᠠᠯᠢᠭ ᠤᠨ ᠪᠦᠯᠬᠦᠮ ᠡᠩᠨᠡᠭᠡ ᠶᠢ ᠭᠦᠨᠵᠡᠭᠡᠶ | ᠠᠭᠤᠳᠠᠯᠤᠨ ᠪᠤᠶᠢᠵᠢᠭᠤᠯᠵᠤ ᠪᠤᠵᠠᠭᠠᠶᠢᠷᠠᠭᠤᠯᠤᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠨᠠᠩ ᠣᠯᠠᠨ ᠡᠰᠢᠲᠦ᠂ ᠨᠠᠩ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠪᠠᠷ | ᠠᠴᠢᠶᠠᠯᠠᠪᠤᠷᠢ ᠪᠣᠯᠭᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠶᠢ | ᠦᠷᠭᠦᠯᠵᠢᠯᠡᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ᠂ ᠰᠣᠶᠣᠯ ᠤᠨ | ᠥᠨᠳᠦᠷᠯᠢᠭ ᠢ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | |