ᠬᠠᠤᠯᠢ ᠴᠠᠭᠠᠵᠠ ᠶᠢᠨ ᠲᠢᠩᠬᠢᠮ ᠭᠤᠷᠪᠠᠨ ᠠᠷᠭ᠎ᠠ ᠬᠡᠮᠵᠢᠶ᠎ᠡ ᠠᠪᠴᠤ ᠬᠠᠤᠯᠢᠴᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2025/3/26
     ᠬᠠᠤᠯᠢ ᠴᠠᠭᠠᠵᠠ ᠶᠢᠨ ᠲᠢᠩᠬᠢᠮ ᠭᠤᠷᠪᠠᠨ ᠠᠷᠭ᠎ᠠ ᠬᠡᠮᠵᠢᠶ᠎ᠡ ᠠᠪᠴᠤ ᠬᠠᠤᠯᠢᠴᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃  ᠨᠢᠭᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠲᠤ ᠬᠠᠤᠯᠢ ᠴᠠᠭᠠᠵᠠ ᠶᠢᠨ ᠵᠥᠪᠯᠡᠭᠴᠢ ᠶᠢ ︽ᠨᠡᠶᠢᠳᠡᠮ ᠳᠣᠬᠢᠷᠠᠭᠤᠯᠬᠤ︾ ᠶᠢ ᠠᠬᠢᠭᠤᠯᠵᠤ᠂ ᠵᠠᠯᠠᠭᠤ ᠬᠠᠤᠯᠢᠴᠢᠳ ᠢ ᠬᠠᠤᠯᠢ ᠴᠠᠭᠠᠵᠠ ᠶᠢᠨ ᠭᠠᠵᠠᠷ ᠲᠤ ᠲᠤᠰᠢᠶᠠᠯ ᠡᠭᠦᠷᠭᠡᠯᠡᠨ ᠪᠣᠯᠪᠠᠰᠤᠷᠠᠬᠤ ᠪᠠᠨ ᠠᠬᠢᠭᠤᠯᠵᠤ᠂ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠦᠢᠯᠡᠴᠢᠯᠡᠭᠦᠯᠦᠨ᠎ᠡ᠃         ᠬᠤᠶᠠᠷ ᠲᠤ᠂ ᠤᠯᠠᠨ ᠲᠦᠮᠡᠨ ᠤ ᠬᠠᠤᠯᠢᠵᠢᠯ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠠᠬᠢᠭᠤᠯᠵᠤ᠂ ︽ᠬᠠᠤᠯᠢᠴᠢᠳ ᠢ ᠬᠥᠳᠡᠭᠡ ᠲᠣᠰᠬᠤᠨ ᠳᠤ ᠣᠴᠢᠭᠤᠯᠬᠤ︾᠂ ︽ᠲᠦᠮᠡᠨ ᠬᠠᠤᠯᠢᠴᠢ ᠶᠢᠨ ᠭᠠᠵᠠᠷ ᠬᠢᠭᠡᠳ ᠲᠦᠮᠡᠨ ᠬᠤᠳᠠᠯᠳᠤᠭᠠᠴᠢᠳ ᠤᠨ ᠡᠪᠯᠡᠯ ᠬᠤᠯᠪᠣᠭ᠎ᠠ ᠪᠠᠶᠢᠭᠤᠯᠬᠤ︾ ᠠᠵᠢᠯᠯᠠᠭᠠᠨ ᠢ ᠪᠠᠶᠢᠩᠭᠤᠰᠢᠭᠤᠯᠤᠨ ᠠᠬᠢᠭᠤᠯᠵᠤ᠂ ᠬᠠᠤᠯᠢᠴᠢ ᠶᠢᠨ ᠡᠩᠨᠡᠭᠡᠨ ᠤ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠳᠦᠯ ᠢ ᠪᠠᠳᠠᠷᠠᠭᠤᠯᠤᠨ᠎ᠠ᠃         ᠭᠤᠷᠪᠠ ᠳᠤ᠂ ᠭᠠᠳᠠᠭᠠᠳᠤ ᠯᠤᠭ᠎ᠠ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠤ ᠬᠥᠮᠥᠷᠭᠡ ᠶᠢ ᠪᠦᠷᠢᠨᠰᠢᠭᠦᠯᠬᠦ᠂ ᠭᠠᠳᠠᠭᠠᠳᠤ ᠯᠤᠭ᠎ᠠ ᠬᠤᠯᠪᠣᠭᠳᠠᠬᠤ ᠬᠠᠤᠯᠢᠴᠢ ᠶᠢᠨ ᠭᠠᠵᠠᠷ ᠢ ᠦᠨᠡᠯᠡᠨ ᠵᠢᠱᠢᠵᠦ ᠪᠤᠶᠢᠵᠢᠭᠤᠯᠬᠤ᠂ ᠮᠣᠩᠭᠤᠯ ᠣᠷᠣᠰ ᠯᠤᠭ᠎ᠠ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠠᠵᠢᠯ ᠤᠨ ᠲᠠᠪᠴᠠᠩ ᠴᠣᠭᠴᠠᠯᠠᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠥᠪᠥᠷ ᠮᠣᠩᠭᠤᠯ ᠤᠨ ᠬᠠᠤᠯᠢᠴᠢ ᠶᠢᠨ ᠠᠵᠢᠯ ᠲᠥᠷᠥᠯ ᠢ ᠮᠣᠩᠭᠤᠯ ᠣᠷᠣᠰ ᠯᠤᠭ᠎ᠠ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠬᠡᠪ ᠳᠠᠭᠤᠷᠢᠶᠠᠯ ᠪᠣᠯᠭᠠᠬᠤ ᠶᠢ ᠠᠬᠢᠭᠤᠯᠤᠨ᠎ᠠ᠃
 
ᠢᠷᠡᠯᠲᠡ᠄ ᠬᠠᠤᠯᠢ ᠴᠠᠭᠠᠵᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号