ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠫᠧᠶ ᠶᠢᠨ | ᠪᠦᠯᠬᠦᠮ ᠳᠠᠭᠠᠭᠤᠯᠵᠤ᠂ ᠤᠳᠠᠨ ᠰᠡᠭᠦᠳᠡᠷᠲᠦ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠭᠠᠵᠠᠷ᠂ | ᠤᠳᠠᠨ ᠰᠡᠬᠦᠳᠡᠷᠲᠦ ᠬᠠᠤᠯᠢ ᠬᠡᠷᠡᠭᠵᠢᠭᠦᠯᠬᠦ ᠳᠤᠮᠳᠠ ᠠᠩᠭᠢ᠂ ᠬᠥᠨᠳᠡᠯᠡᠨ ᠲᠣᠭᠤᠷᠢᠭ ᠤᠨ ᠭᠠᠯ ᠢ ᠰᠡᠷᠬᠡᠶᠢᠯᠡᠵᠤ | ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠨ᠂ ᠬᠠᠷᠢᠶ᠎ᠠ ᠣᠷᠣᠨ ᠤ ᠳᠣᠲᠣᠷᠠᠬᠢ ᠶᠢᠰᠦᠨ ᠵᠢᠵᠢᠭ ᠲᠠᠯᠠᠪᠤᠷ | ᠭᠠᠵᠠᠷ᠂ ᠬᠥᠮᠦᠨ ᠬᠠᠷ᠎ᠠ ᠨᠢᠭᠲᠠᠷᠬᠠᠰᠠᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠴᠢᠭᠯᠡᠭᠦᠯᠦᠨ ᠠᠶᠤᠯᠬᠦᠢ ᠦᠶᠯᠡᠳᠪᠦᠷᠢᠯᠡᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠥᠷᠨᠢᠭᠦᠯᠪᠠ᠃ ᠲᠣᠰ ᠤᠳᠠᠭ᠎ᠠ ᠭᠤᠤᠯᠳᠠᠭᠤ ᠰᠢᠨ᠎ᠡ ᠴᠠᠭ ᠦᠶ᠎ᠡ ᠨᠠᠶᠢᠳᠠᠨ ᠬᠠᠮᠢᠶᠠᠷᠤᠭᠤᠯᠬᠤ ᠭᠠᠵᠠᠷ᠂ ᠯᠢᠩ | ᠲᠦᠩ ᠨᠠᠶᠢᠳᠠᠨ ᠬᠠᠮᠢᠶᠠᠷᠤᠭᠤᠯᠬᠤ ᠭᠠᠵᠠᠷ᠂ ᠲᠢᠶᠠᠨ ᠯᠦᠩ ᠬᠡᠷ ᠤᠨ ᠬᠡᠷᠡᠭᠰᠡᠯ ᠤᠨ ᠬᠤᠲᠠ᠂ ᠶᠢᠨ ᠳ᠋ᠢᠶᠠᠨ | ᠨᠠᠶᠢᠳᠠᠨ ᠬᠠᠮᠢᠶᠠᠷᠤᠭᠤᠯᠬᠤ ᠰᠤᠷᠭᠠᠨ ᠬᠥᠮᠦᠵᠢᠯ᠂ ᠵᠢᠶ ᠰᠢᠨ ᠲᠦᠷᠭᠡᠨ ᠬᠦᠷᠬᠡᠯᠳᠡ ᠶᠢᠨ ᠥᠷᠲᠡᠭᠡ ᠵᠡᠷᠭᠡ | ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠤᠨᠤᠭ | ᠲᠦᠬᠦᠭᠡᠷᠦᠮᠵᠢ ᠶᠢᠨ ᠲᠣᠬᠢᠷᠠᠭᠤᠯᠤᠯᠲᠠ᠂ ᠭᠠᠯ ᠤᠨᠲᠠᠷᠠᠭᠠᠬᠤ ᠰᠠᠭᠠᠳ ᠦᠬᠡᠢ ᠨᠡᠪᠳᠡᠷᠡᠬᠦ ᠵᠠᠮ ᠵᠢᠴᠢ ᠠᠮᠤᠷ | ᠲᠦᠪᠰᠢᠨ ᠢᠶᠠᠷ ᠵᠠᠶᠢᠯᠠᠭᠤᠯᠤᠨ ᠲᠠᠷᠬᠠᠭᠠᠬᠤ ᠭᠠᠷᠬᠤ ᠡᠭᠦᠳᠡ ᠶᠢᠨ ᠲᠣᠬᠢᠷᠠᠭᠤᠯᠤᠯᠲᠠ᠂ ᠬᠤᠯᠠᠭᠠᠶᠢᠯᠠᠬᠤ ᠶᠢ | ᠰᠡᠷᠭᠡᠶᠢᠯᠡᠬᠦ ᠬᠡᠷᠡᠰᠬᠡ ᠶᠢ ᠤᠭᠰᠠᠷᠠᠬᠤ ᠨᠢ ᠵᠢᠷᠤᠮᠵᠢᠭᠰᠠᠨ ᠡᠰᠡᠬᠦ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ | ᠲᠣᠭᠲᠠᠭᠠᠯ ᠠᠴᠠ ᠵᠥᠷᠢᠴᠡᠨ ᠬᠠᠯᠬᠠᠪᠴᠢ ᠬᠡᠷᠡᠰᠬᠡ ᠤᠭᠰᠠᠷᠠᠬᠤ᠂ ᠠᠶᠤᠯ ᠠᠴᠠ ᠵᠠᠶᠢᠯᠠᠬᠤ ᠵᠠᠮ ᠳᠡᠭᠡᠷ᠎ᠡ | ᠶᠠᠭᠤᠮ᠎ᠠ ᠣᠪᠣᠭᠠᠯᠠᠬᠤ᠂ ᠭᠠᠯ ᠤᠨᠲᠠᠷᠠᠭᠠᠭᠤᠷ ᠢ ᠬᠠᠯᠬᠠᠯᠠᠨ ᠶᠠᠭᠤᠮ᠎ᠠ ᠬᠡᠦᠮ᠎ᠡ ᠲᠠᠯᠪᠢᠬᠤ᠂ ᠠᠮᠤᠷ ᠲᠦᠪᠰᠢᠨ ᠤ | ᠵᠢᠭᠠᠯᠲᠠ ᠲᠡᠮᠳᠡᠭ ᠬᠠᠯᠬᠠᠯᠠᠭᠳᠠᠬᠤ ᠵᠡᠷᠭᠡ ᠬᠡᠮ ᠰᠤᠭᠤᠭ ᠢ ᠪᠠᠶᠢᠴᠠᠭᠠᠨ ᠭᠠᠷᠭᠠᠪᠠ᠃ ᠠᠵᠢᠯᠲᠠᠳ ᠠᠮᠤᠷ | ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠳᠤ ᠳᠠᠷᠤᠶ ᠲᠦᠷᠭᠡᠨ ︽ᠠᠮᠤᠷ | ᠲᠦᠪᠰᠢᠨ ᠤ ᠪᠠᠶᠢᠴᠠᠭᠠᠯᠲᠠ ᠬᠢᠭᠰᠡᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ | ᠬᠠᠷᠢᠭᠤᠴᠠᠯᠭᠠᠲᠠᠨ ᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠠᠷᠢᠶ᠎ᠠ ᠣᠷᠣᠨ ᠤ | ᠠᠶᠤᠯᠬᠦᠢ ᠶᠢᠨ ᠬᠢᠨᠠᠯᠲᠠ ᠲᠠᠯᠪᠢᠭᠴᠢ ᠠᠴᠠ ︽ᠡᠷᠬᠢᠨ ᠬᠠᠷᠠᠬᠤ︾ ᠠᠵᠢᠯ ᠢ ᠬᠠᠷᠢᠭᠤᠴᠠᠵᠤ᠂ ᠪᠢᠲᠡᠭᠦᠦ | ᠭᠤᠬᠴᠤᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠪᠡᠶᠡᠯᠡᠭᠦᠯᠵᠦ᠂ ᠨᠢᠭᠡ ᠶᠢ ᠢᠯᠡᠷᠡᠭᠦᠯᠪᠡᠯ | ᠨᠢᠭᠡ ᠶᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠡᠭᠦᠨ ᠠᠴᠠ ᠭᠠᠳᠠᠨ᠎ᠠ᠂ ᠠᠵᠢᠯᠲᠠᠳ ᠪᠠᠰᠠ ᠤᠬᠠᠭᠤᠯᠭ᠎ᠠ ᠬᠥᠮᠦᠵᠢᠯ ᠢᠶᠠᠷ ᠳᠠᠮᠵᠢᠨ᠂ ᠰᠠᠭᠤᠭᠠᠯᠢ ᠠᠷᠠᠳ ᠲᠤ | ᠠᠮᠢ ᠵᠢᠭᠤᠲᠠᠬᠤ ᠮᠡᠳᠡᠯᠭᠡ ᠶᠢ ᠤᠯᠠᠮ ᠨᠢᠭᠡ ᠠᠯᠬᠤᠮ ᠲᠠᠶᠢᠯᠪᠤᠷᠢᠯᠠᠨ ᠥᠭᠴᠦ᠂ ᠠᠮᠤᠷ ᠲᠦᠪᠰᠢᠨ ᠢᠶᠠᠷ | ᠵᠠᠶᠢᠯᠠᠭᠤᠯᠤᠨ ᠲᠠᠷᠬᠠᠭᠠᠬᠤ ᠭᠠᠷᠬᠤ ᠡᠭᠦᠳᠡ ᠶᠢᠨ ᠰᠠᠭᠠᠳ ᠥᠬᠡᠶ ᠨᠡᠪᠲᠡᠷᠡᠬᠦ ᠶᠢᠨ ᠴᠢᠬᠤᠯᠠ ᠴᠢᠨᠠᠷ ᠵᠢᠴᠢ ᠭᠠᠯ | ᠤᠨᠲᠠᠷᠠᠭᠠᠭᠤᠷ ᠢ ᠬᠡᠷᠡᠭᠯᠡᠬᠦ ᠲᠡᠰ ᠲᠠᠷᠠᠭᠠᠯᠠᠯ ᠢ ᠴᠢᠬᠤᠯᠠᠴᠢᠯᠠᠵᠤ᠂ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ | ᠪᠣᠯᠤᠨ ᠰᠠᠭᠤᠭᠠᠯᠢ ᠠᠷᠠᠳ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠤᠯᠠᠮ | ᠨᠢᠭᠡ ᠠᠯᠬᠤᠮ ᠴᠢᠩᠭᠠᠷᠠᠭᠤᠯᠪᠠ᠃ | |