ᠬᠤ᠋ ᠴᠢᠶᠠᠩ ᠤᠢ ᠰᠢᠭᠤᠢ ᠶᠢ ᠲᠤᠭᠤᠷᠢᠨ ᠪᠠᠶᠢᠴᠠᠭᠠᠬᠤ ᠭᠤᠤᠯ ᠮᠦᠷᠠᠨ ᠢ ᠲᠤᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/3/27
     3 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠥᠨᠳᠡᠯᠡᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠫᠢᠩ ᠹᠠᠩ ᠭᠧᠦ ᠭᠤᠤ᠂ ᠬᠤᠪᠠᠭ᠋ᠠᠢ ᠶᠢᠨ ᠭᠤᠣᠯ ᠤᠨ  ᠬᠡᠪᠡᠯᠢ ᠲᠠᠭᠠᠵᠤ ᠭᠤᠣᠯ ᠢ ᠴᠠᠭᠳᠠᠬᠤ ᠠᠵᠢᠯ ᠥᠷᠨᠢᠭᠦᠯᠪᠡ᠃      ᠬᠤ᠋ ᠴᠢᠶᠠᠩ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠨ ᠬᠠᠮᠠᠭᠠᠯᠠᠵᠤ ᠬᠢᠨᠠᠯᠲᠠ ᠲᠠᠯᠪᠢᠬᠤ ᠠᠵᠢᠯ ᠢ ᠪᠠᠶᠢᠩᠭᠤ ᠪᠦᠲᠦᠮᠵᠢᠲᠡᠢ ᠰᠠᠶᠢᠲᠤᠷ ᠬᠢᠵᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠨᠢᠮᠪᠠᠢ ᠰᠠᠶᠢᠲᠤᠷ ᠠᠳᠬᠤᠵᠤ᠂ ᠠᠮᠢ ᠠᠬᠤᠢ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠭᠦᠶᠴᠡᠳ ᠪᠦᠭᠡᠳ ᠠᠮᠢᠳᠤᠯᠢᠭ ᠰᠠᠶᠢᠲᠤᠷ ᠬᠡᠷᠡᠭᠯᠡᠵᠦ᠂ ᠭᠤᠤᠯ ᠤᠨ ᠬᠡᠪᠡᠯᠢ ᠶᠢ ᠵᠠᠰᠠᠬᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠵᠡᠷᠭᠡ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠬᠡᠷᠡᠭᠲᠡᠶ ᠭᠡᠵᠡᠢ᠃      ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠸᠧᠨ ᠵᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠵᠣᠣ ᠶᠢᠨ  ᠹᠧᠩ    ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号