ᠬᠥᠨᠳᠡᠯᠡᠨ ᠲᠣᠭᠤᠷᠢᠭ︕ ᠠᠩᠬᠠᠨ ᠤ ᠲᠠᠯᠠᠪᠠᠢ ︕
ᠨᠡᠶᠢᠲᠡᠯᠡᠭᠰᠡᠨ ᠴᠠᠭ᠄
2025/3/27
    3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠨᠢᠬᠡᠨ ᠲᠠᠯᠠᠪᠠᠢ ᠠᠷᠠᠳ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠥᠨᠳᠡᠯᠡᠨ ᠲᠣᠭᠤᠷᠢᠭ ᠲᠤ ᠠᠩᠬ᠎ᠠ ᠤᠳᠠᠭ᠎ᠠ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠨᠳᠡᠯᠡᠨ ᠲᠣᠭᠤᠷᠢᠭ ᠤᠨ ᠣᠳᠣᠬᠢ ᠱᠠᠲᠤᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠰᠤᠨᠤᠰᠤᠬᠰᠠᠨ ᠪᠦᠬᠡᠳ ᠢᠷᠡᠭᠡᠳᠦᠶ ᠶᠢᠨ ᠲᠥᠯᠥᠪᠵᠢᠭᠦᠯᠭᠡ ᠳᠤ ᠨᠠᠷᠢᠨ ᠲᠣᠳᠣᠷᠬᠠᠶ ᠵᠠᠰᠠᠭ ᠤᠨ ᠪᠠᠶᠢᠳᠠᠯ ᠤᠨ ᠮᠡᠳᠡᠬᠦᠯᠦᠯᠳᠡ ᠬᠢᠪᠡ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠧᠦ ᠮᠢᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠵᠢᠭᠡᠯᠡᠯᠭᠡ ᠠᠪᠴᠤ ᠪᠠᠯᠠ ᠬᠤᠷᠠᠮᠳᠤᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠴᠢᠩᠭᠠᠳᠬᠠᠬᠤ᠂ ᠭᠠᠶᠢᠯᠢ ᠶᠢᠨ ᠬᠠᠷᠠᠭᠠᠯᠵᠠᠯ ᠦᠵᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠲᠣᠰ ᠲᠣᠰ ᠮᠠᠰᠢ ᠣᠯᠠᠨ ᠡᠷᠬᠢᠮ ᠨᠠᠨᠳᠢᠨ ᠰᠠᠨᠠᠯ ᠳᠤᠷᠠᠳᠴᠠᠶ᠃ ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷᠢᠨ ᠬᠢᠨᠠᠮᠠᠭᠠᠢ ᠰᠣᠨᠣᠰᠴᠤ ᠲᠡᠮᠳᠡᠭᠯᠡᠨ᠂ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠭᠦᠭᠰᠡᠨ ᠪᠥᠭᠡᠳ ᠭᠦᠨᠵᠡᠭᠡᠢ ᠰᠣᠯᠢᠯᠴᠠᠨ ᠶᠠᠷᠢᠯᠴᠠᠪᠠ᠃     ᠣᠯᠠᠨ ᠤ ᠶᠠᠷᠢᠯᠴᠠᠨ ᠰᠣᠯᠢᠯᠴᠠᠬᠤ ᠶᠢ ᠰᠣᠨᠣᠰᠤᠭᠰᠠᠨ ᠤ ᠳᠠᠷᠠᠭ᠎ᠠ᠂ ᠵᠧᠤ ᠮᠢᠨ ᠵᠢᠶᠧ᠂ ᠲᠣᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠭᠦᠷᠭᠡ ᠲᠤᠰᠢᠶᠠᠯ ᠤᠨ ᠦᠶᠯᠡᠳᠦᠯ ᠢ ᠦᠷᠭᠦᠯᠵᠢᠯᠡᠨ ᠭᠦᠶᠴᠡᠳ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠣᠷᠳᠣ ᠬᠤᠭᠤᠴᠠᠭᠠᠨ ᠤ ᠪᠦᠲᠦᠮᠵᠢᠲᠡᠶ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠬᠥᠭᠦᠷᠭᠡ ᠬᠤᠯᠪᠣᠭᠠᠰᠤ ᠪᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ︵ᠢᠷᠡᠯᠲᠡ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号