ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠥᠨᠥᠳᠦᠷ ︵3 ᠰᠠᠷ᠎ᠠ ᠶᠢᠨ | 24 ᠤ ᠡᠳᠦᠷ︶ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠭᠦᠶᠵᠧᠤ ᠪᠣᠯᠤᠨ ᠶᠦᠨᠨᠠᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ | ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠲᠤᠭᠤᠷᠢᠭ ᠲᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ | ᠣᠷᠣᠯᠴᠠᠵᠠᠢ᠃ | | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠂ ᠬᠠᠷᠠᠭ᠎ᠠ ᠪᠠᠨ ᠥᠷᠭᠡᠳᠬᠡᠵᠦ᠂ | ᠬᠥᠨᠳᠡᠯᠡᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠶ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ | ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠡᠯ᠎ᠡ ᠭᠤᠭᠴᠤᠭ᠎ᠠ ᠶᠢᠨ ᠡᠭᠦᠷᠭᠡ ᠶᠢ ᠨᠢᠭᠡ | ᠴᠤᠭᠴᠠᠵᠢᠭᠤᠯᠤᠨ ᠠᠬᠢᠭᠤᠯᠵᠤ᠂ ᠰᠤᠷᠤᠯᠴᠠᠬᠤ ᠳᠠᠭᠠᠨ ᠶᠠᠰᠤ ᠴᠢᠨᠠᠷ ᠲᠠᠢ ᠪᠠᠶᠢᠬᠤ᠂ ᠪᠠᠶᠢᠴᠠᠭᠠᠬᠤ ᠳᠠᠭᠠᠨ | ᠡᠷᠴᠢᠮ ᠲᠠᠢ ᠪᠠᠶᠢᠬᠤ᠂ ᠥᠭᠡᠷᠡᠴᠢᠯᠡᠨ ᠴᠡᠭᠴᠡᠯᠡᠨ ᠰᠠᠶᠢᠵᠢᠷᠠᠭᠤᠯᠬᠤ ᠳᠠᠭᠠᠨ ᠦᠨᠡᠨ ᠬᠦ ᠦᠷ᠎ᠡ ᠪᠦᠲᠦᠮᠵᠢ ᠲᠠᠢ | ᠪᠠᠶᠢᠬᠤ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ︵ᠰᠤᠷᠪᠤᠯᠵᠢᠯᠠᠭᠴᠢ᠄ ᠹᠠᠨ ᠷᠦᠢ ᠴᠢᠩ ᠬᠢᠨᠠᠨ | ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |