ᠬᠥᠨᠳᠡᠯᠡᠨ ᠲᠣᠭᠤᠷᠢᠭ ᠤᠨ DeepSeek-R1 ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠯᠠᠨ ᠲᠠᠯ᠎ᠠ ᠳᠤ ᠬᠦᠴᠦᠨ ᠨᠠᠮᠠᠷᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠤᠶᠤᠨᠴᠢᠯᠠᠯᠳᠠ  ᠶᠢᠨ ᠰᠢᠨ᠎ᠡ ᠠᠶᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2025/3/28
    ᠨᠢᠭᠡ ᠳᠤ᠂ ᠲᠥᠷᠥ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢ     ᠰᠢᠨᠡᠳᠭᠡᠪᠡ᠃ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠳᠤ᠂ DeepSeek ᠲᠤᠮᠤ ᠵᠠᠭᠪᠤᠷ ᠨᠢ ᠬᠡᠷᠡᠭᠯᠡᠭᠴᠢᠳ ᠤᠨ ᠠᠰᠠᠭᠤᠨ ᠯᠠᠪᠯᠠᠭ᠎ᠠ ᠶᠢ ᠴᠠᠭ ᠲᠤᠬᠠᠢ ᠳᠤᠨᠢ ᠵᠠᠳᠠᠯᠤᠨ ᠰᠢᠨᠵᠢᠯᠡᠵᠦ᠂ ᠲᠤᠰ ᠭᠠᠵᠠᠷ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠣᠯᠤᠨ ᠲᠡᠦᠬᠡ ᠶᠢᠨ ᠬᠡᠷᠡᠭ ᠤᠨ ᠵᠢᠱᠢᠶ᠎ᠡ ᠵᠡᠷᠭᠡ ᠳ᠋ᠠᠶᠢᠲ᠋ᠠ ᠬᠥᠮᠥᠷᠭᠡ ᠶᠢ ᠨᠡᠶᠢᠳᠬᠡᠵᠦ᠂ ᠤᠯᠠᠨ ᠲᠦᠮᠡᠨ ᠤ ᠮᠠᠳᠠᠭ ᠡᠭᠡᠳᠡᠷᠡᠭᠡᠨ ᠲᠠᠢ ᠠᠰᠠᠭᠤᠳᠠᠯ ᠳᠤ ᠣᠨᠣᠴᠠᠲᠠᠢ ᠬᠠᠷᠢᠭᠤᠯᠲᠠ ᠥᠭᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠶᠤᠨᠴᠢᠯᠠᠬᠰᠠᠨ ᠲᠦᠪᠰᠢᠨ ᠢ ᠳᠡᠭᠡᠭᠰᠢᠯᠡᠭᠦᠯᠪᠡ᠃ ᠬᠤᠶᠠᠷ ᠲᠤ᠂ 12345 ᠬᠠᠯᠠᠮᠰᠢᠯ ᠤᠲᠠᠰᠤ ᠶᠢ ᠤᠶᠤᠨᠴᠢᠯᠠᠪᠠ᠃ ᠲᠤᠰ ᠵᠠᠭᠪᠤᠷ ᠢ ᠵᠠᠯᠭᠠᠨ ᠣᠷᠣᠭᠤᠯᠤᠭᠰᠠᠨ ᠤ ᠳᠠᠷᠠᠭ᠎ᠠ᠂ 12345 ᠬᠠᠯᠠᠮᠰᠢᠯ ᠤᠲᠠᠰᠤ ᠨᠢ ᠬᠠᠶᠢᠷ᠎ᠠ ᠰᠡᠳᠬᠢᠯᠭᠡ ᠶᠢᠨ ᠲᠤᠬᠠᠢ ᠵᠠᠳᠠᠯᠤᠯᠲᠠ ᠪᠠ ᠦᠭᠡ ᠶᠢᠨ ᠤᠳᠬ᠎ᠠ ᠶᠢ ᠣᠶᠢᠯᠠᠭᠠᠬᠤ ᠮᠡᠷᠭᠡᠵᠢᠯ ᠢ ᠠᠰᠢᠭᠯᠠᠨ᠂ ᠬᠦᠰᠡᠯ ᠱᠠᠭᠠᠷᠳᠠᠯᠭ᠎ᠠ ᠶᠢ ᠣᠨᠣᠪᠴᠢᠲᠠᠶ ᠠᠵᠢᠭᠯᠠᠨ ᠰᠢᠨᠵᠢᠵᠦ᠂ ᠠᠵᠢᠯ ᠤᠨ ᠵᠠᠬᠢᠶᠠᠯᠠᠭ᠎ᠠ ᠶᠢᠨ ᠬᠠᠭᠤᠳᠠᠰᠤ ᠶᠢ ᠠᠦ᠋ᠲ᠋ᠣ᠋ ᠬᠤᠪᠢᠶᠠᠷᠢᠯᠠᠯᠳᠠ ᠬᠢᠵᠤ᠂ ︽ᠥᠯᠥ ᠬᠤᠶᠢᠰᠢᠯᠠᠭᠤᠯᠵᠤ︾ ᠲᠡᠷᠡ ᠲᠤᠤᠷ᠎ᠠ ᠨᠢ ᠲᠤᠰᠬᠠᠯ ᠭᠠᠷᠬᠤ ᠶᠢ ᠪᠡᠶᠡᠯᠡᠭᠦᠯᠪᠡ᠃ ᠭᠤᠷᠪᠠ ᠳᠤ᠂ ᠵᠠᠰᠠᠭ ᠤᠨ ᠶᠠᠪᠤᠳᠠᠯ ᠤᠨ ᠠᠯᠪᠠᠯᠠᠬᠤ ᠤᠶᠤᠨᠴᠢᠯᠠᠯᠲᠠ ᠢ ᠪᠡᠶᠡᠯᠡᠬᠦᠯᠪᠡ᠃ ᠵᠠᠰᠠᠭ ᠤᠨ ᠶᠠᠪᠤᠳᠠᠯ ᠤᠨ ᠠᠯᠪᠠᠯᠠᠬᠤ ᠰᠢᠰᠲ᠋ᠧᠮ ᠳᠤ ᠤᠶᠤᠨᠲᠤ ᠠᠯᠪᠠᠨ ᠪᠢᠴᠢᠭ ᠤᠨ ᠲᠤᠰᠠᠯᠠᠭᠴᠢ ᠭᠠᠷᠭᠠᠵᠤ᠂ ᠠᠯᠪᠠᠨ ᠪᠢᠴᠢᠭ ᠤᠨ ᠭᠤᠣᠯ ᠦᠵᠡᠯᠲᠡ ᠪᠠ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠣᠨᠣᠪᠴᠢᠲᠠᠶ ᠣᠯᠵᠤ ᠪᠠᠷᠢᠨ᠂ ᠠᠯᠪᠠᠨ ᠪᠢᠴᠢᠭ ᠤᠨ ᠭᠤᠣᠯᠳᠠᠯᠭ᠎ᠠ ᠲᠠᠢ ᠲᠣᠪᠴᠢᠯᠠᠯ ᠢ ᠨᠢᠭᠡ ᠯᠡ ᠳᠠᠷᠤᠪᠴᠢ ᠪᠠᠷ ᠰᠢᠯᠢᠨ ᠭᠠᠷᠭᠠᠵᠤ᠂ ᠠᠯᠪᠠᠨ ᠪᠢᠴᠢᠭ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠬᠦ ᠪᠠᠷ ᠳᠠᠮᠵᠢᠭᠤᠯᠤᠨ ᠮᠡᠳᠡᠯᠭᠡ ᠶᠢᠨ ᠲᠣᠣᠷ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠠᠵᠢᠯ ᠤᠨ ᠰᠢᠨ᠎ᠡ ᠵᠠᠭᠪᠤᠷ ᠲᠡᠶᠢᠰᠢ ᠬᠤᠪᠢᠷᠠᠬᠤ ᠶᠢ ᠠᠬᠢᠭᠤᠯᠪᠠ᠃ ᠳᠥᠷᠪᠡ ᠳᠤ᠂ AI ᠤᠶᠤᠨᠲᠤ ᠣᠨᠣᠰᠢᠯᠠᠨ ᠡᠮᠨᠡᠬᠦ ᠶᠢ ᠰᠦᠯᠵᠢᠶᠡᠨ ᠳᠤ ᠬᠤᠯᠪᠤᠨ ᠠᠰᠢᠬᠯᠠᠯᠳᠠ ᠳᠤ ᠤᠷᠤᠭᠤᠯᠪᠠ᠃ AI ᠤᠶᠤᠨᠲᠤ ᠣᠨᠣᠰᠢᠯᠠᠨ ᠡᠮᠨᠡᠬᠦ ᠰᠢᠰᠲ᠋ᠧᠮ ᠢ ᠨᠢᠭᠡᠨᠲᠡ ᠤᠶᠤᠨᠲᠤ ᠬᠥᠨᠳᠡᠯᠡᠨ ᠲᠠᠪᠴᠠᠩ ᠳᠤ ᠲᠤᠷᠰᠢᠨ ᠬᠡᠷᠡᠭᠯᠡᠵᠦ᠂ ᠢᠷᠡᠭᠡᠳᠦᠶ ᠳᠤ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠷᠢᠳᠴᠢᠯᠠᠨ ᠠᠰᠠᠭᠤᠵᠤ ᠤᠨᠤᠰᠢᠯᠠᠭᠤᠯᠬᠤ᠂ ᠡᠷᠬᠢᠨ ᠲᠣᠭᠤᠷᠢᠨ ᠤ ᠡᠮᠨᠡᠯᠭᠡ ᠶᠢᠨ ᠬᠤᠷᠢᠶ᠎ᠡ ᠶᠢᠨ ᠲᠤᠰᠬᠠᠶ ᠮᠡᠷᠭᠡᠵᠢᠯᠲᠡᠨ ᠤ ᠲᠠᠨᠢᠯᠴᠠᠭᠤᠯᠭ᠎ᠠ ᠵᠢᠴᠢ ᠲᠦᠷᠭᠡᠨ ᠳ᠋ᠤᠭᠠᠷᠯᠠᠬᠤ ᠵᠡᠷᠭᠡ ᠦᠶᠯᠡᠴᠢᠯᠡᠭᠡ ᠬᠠᠩᠭᠠᠵᠤ᠂ ᠠᠶᠠᠨᠳᠠᠭᠠᠨ ᠡᠪᠡᠳᠴᠢᠨ ᠤ ᠪᠦᠷᠢᠨ ᠪᠦᠲᠦᠨ ᠲᠡᠦᠬᠡ ᠶᠢ ᠪᠦᠷᠢᠯᠳᠦᠬᠦᠯᠵᠤ᠂ ᠡᠪᠡᠳᠴᠢᠨ ᠦᠵᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠬᠤᠲᠠ ᠶᠢᠨ ᠡᠮᠨᠡᠯᠬᠡ ᠶᠢᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠣᠯᠤᠨ᠎ᠠ᠃ ︵ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠬᠡᠳ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号