ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/3/3
    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠥᠨᠥᠳᠦᠷ ︵3 ᠰᠠᠷ᠎ᠠ ᠶᠢᠨ 1 ᠤ ᠡᠳᠦᠷ︶ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠢᠨᠠᠯᠲᠠ ᠲᠠᠯᠪᠢᠬᠤ ᠦᠨᠳᠦᠰᠦᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠬᠦᠯᠦᠨ᠂ ᠬᠢᠨᠠᠨ ᠪᠤᠳᠤᠬᠤ ᠦᠷ᠎ᠡ ᠪᠦᠲᠦᠭᠡᠯ ᠤᠨ ᠬᠡᠷᠡᠭᠯᠡᠯᠲᠡ ᠶᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠪᠣᠳᠠᠲᠠᠶ ᠶᠢ ᠡᠷᠬᠢᠮᠯᠡᠭᠰᠡᠨ ᠪᠦᠲᠦᠮᠵᠢᠲᠡᠶ᠂ ᠨᠢᠳᠤᠨ ᠳᠤ ᠦᠵᠡᠭᠳᠡᠵᠤ ᠭᠠᠷ ᠲᠤ ᠪᠠᠷᠢᠬᠳᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠪᠣᠳᠠᠲᠤ ᠠᠮᠵᠢᠯᠲᠠ ᠪᠦᠳᠦᠮᠵᠢ ᠪᠠᠷ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠨᠡᠮᠡᠭᠳᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠳᠡᠭᠡᠷ᠎ᠡ ᠭᠤᠷᠪᠠᠨ ᠱᠠᠲᠤᠨ ᠤ ᠵᠣᠬᠢᠶᠠᠨ ᠪᠠᠶᠢᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠥᠨᠳᠥᠷ ᠲᠦᠪᠰᠢᠨ ᠪᠥᠬᠦᠶ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠵᠣᠣ ᠶᠢᠨ ᠹᠧᠩ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号