ᠣᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠱᠦᠵᠢ ᠶᠢᠨ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠬᠤ ᠠᠵᠢᠯ ᠢ | ᠬᠦᠷᠢᠶ᠎ᠡ ᠴᠠᠷᠠᠭ᠎ᠠ ᠬᠤᠪᠢᠶᠠᠨ ᠰᠤᠳᠤᠯᠤᠨ ᠠᠬᠢᠭᠤᠯᠪᠠ᠃ | ᠬᠤ᠋ ᠴᠢᠶᠠᠩ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠭᠤᠯᠤᠨ ᠠᠪᠴᠢᠷᠠᠬᠤ | ᠴᠢᠭᠯᠡᠯ ᠢᠶᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠣᠷᠣᠭᠤᠯᠤᠨ ᠠᠪᠴᠢᠷᠠᠬᠤ ᠵᠠᠭᠪᠤᠷ ᠤᠨ ᠰᠢᠨ᠎ᠡ ᠶᠢ | ᠡᠭᠦᠳᠴᠦ᠂ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠣᠷᠣᠭᠤᠯᠤᠨ ᠠᠪᠴᠢᠷᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠠᠯᠲᠠ ᠲᠠᠢ ᠪᠠᠷ ᠬᠦᠴᠦᠯᠡᠵᠦ᠂ ᠲᠥᠪᠯᠡᠷᠡᠭᠦᠯᠦᠨ ᠬᠦᠴᠦᠯᠡᠵᠦ᠂ | ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠳᠤᠭᠤᠶᠢᠯᠠᠩ ᠡᠯ᠎ᠡ ᠰᠠᠯᠠᠭ᠎ᠠ ᠮᠥᠴᠢᠷ ᠤᠨ | ᠬᠤᠭᠤᠷᠣᠨᠳᠣ ᠪᠠᠨ ᠬᠠᠮᠵᠢᠯᠴᠠᠬᠤ᠂ ᠢᠳᠡᠪᠬᠢᠲᠡᠶ ᠵᠣᠯᠭᠠᠭᠤᠯᠬᠤ᠂ ᠰᠠᠨᠠᠭᠠᠴᠢᠯᠠᠭ᠎ᠠ ᠠᠴᠠ ᠪᠠᠨ ᠦᠶᠯᠡᠴᠢᠯᠡᠬᠦ᠂ | ᠡᠮᠦᠨ᠎ᠡ ᠨᠢ ᠶᠠᠪᠤᠵᠤ ᠦᠢᠯᠡᠴᠢᠯᠡᠨ ᠪᠠᠲᠤᠯᠠᠬᠤ ᠶᠢ ᠴᠢᠩᠭᠠᠳᠬᠠᠵᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠤ | ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠠᠰᠢᠷᠠᠯ ᠢ ᠬᠦᠴᠦᠯᠡᠨ ᠰᠢᠶᠳᠪᠦᠷᠢᠯᠡᠵᠦ᠂ ᠨᠢᠭᠡ ᠪᠦᠯᠦᠭ ᠴᠢᠨᠠᠷ ᠰᠠᠶᠢᠲᠠᠶ | ᠠᠵᠤ ᠠᠬᠤᠶᠢᠯᠠᠯ ᠤᠨ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠶ ᠬᠡᠵᠡᠢ᠃ ᠡᠯ᠎ᠡ ᠠᠷᠠᠯᠵᠢᠶᠠᠴᠢᠨ ᠤᠷᠢᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ︵ | ᠰᠤᠷᠪᠤᠯᠵᠢᠯᠠᠭᠴᠢ᠄ ᠹᠧᠩ ᠰᠢᠤᠸᠠᠢ᠂ ᠯᠸᠢ ᠶᠤᠸᠠᠨ ᠶᠤᠸᠠᠨ᠂ ᠹᠠᠨ ᠷᠦᠢ ᠴᠢᠩ ᠬᠢᠨᠠᠨ ᠬᠠᠷᠭᠤᠭᠤᠯᠤᠬᠰᠠᠨ ᠨᠢ᠄ | ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶ |