ᠤᠯᠤᠰ ᠲᠦᠷᠦ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/31
    3 ᠰᠠᠷ᠎ᠠ ᠶᠢᠨ 27 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠦ᠋ ᠸᠧᠨ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
   ᠬᠤᠷᠠᠯ ᠠᠴᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠤᠯᠳᠠᠯᠭ᠎ᠠ︾᠂ ︽ᠤᠯᠤᠰ ᠲᠥᠷᠥ ᠶᠢᠨ ᠵᠥᠪᠯᠡᠯᠭᠡᠨ ᠤ ᠬᠥᠨᠳᠡᠯᠡᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 2025 ᠣᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠨ᠂ ︽ᠬᠥᠨᠳᠡᠯᠡᠨ ᠲᠣᠭᠤᠷᠢᠭ ᠤᠨ ᠪᠥᠭᠡᠮ ᠲᠠᠸᠠᠷ ᠤᠨ ᠪᠠᠷᠠᠭᠠᠨ ᠤ ᠬᠦᠢᠯᠬᠡᠬᠡ ᠶᠢᠨ ᠠᠵᠤ ᠦᠶᠯᠡᠰ ᠤᠨ ᠬᠥᠭᠵᠢᠯᠲᠡ︾ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠪᠡ᠃    ᠬᠤᠷᠠᠯ ᠠᠴᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ︽ᠳᠥᠷᠪᠡ ᠶᠢ ᠨᠢᠭᠲᠠᠷᠠᠭᠤᠯᠬᠤ︾ ᠶᠢᠨ ᠲᠣᠭᠤᠷᠢᠨ ᠳᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠣᠨᠢᠨ ᠳᠡᠭᠡᠷ᠎ᠡ ᠨᠢ ᠵᠥᠪᠯᠡᠬᠦ ᠶᠢ ᠳᠣᠪᠤᠶᠢᠯᠭᠠᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ᠂ ᠪᠥᠬᠦ ᠵᠢᠯ ᠤᠨ ᠡᠯ᠎ᠡ ᠵᠦᠶᠯ ᠤᠨ ᠬᠠᠷᠠᠯᠲᠠ ᠶᠢᠨ ᠡᠭᠦᠷᠭᠡ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ᠃ ᠪᠠᠷᠠᠭᠠᠨ ᠤ ᠬᠦᠢᠯᠬᠡᠬᠡ ᠶᠢᠨ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠲᠦᠷᠦ ᠶᠢᠨ ᠪᠤᠳᠤᠯᠭ᠎ᠠ ᠶᠢᠨ  ᠦᠢᠯᠡᠳᠦᠯ ᠴᠢᠳᠠᠪᠬᠢ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠰᠢᠰᠲ᠋ᠧᠮ ᠤᠨ ᠰᠡᠳᠬᠢᠬᠦᠢ ᠪᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠢᠳᠡᠪᠬᠢᠳᠡᠢ ᠪᠠᠷ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠠᠭᠪᠤᠷ ᠤᠨ ᠰᠢᠨ᠎ᠡ ᠶᠢ ᠡᠭᠦᠳᠴᠦ᠂ ᠪᠦᠬᠦ ᠲᠤᠭᠤᠷᠢᠭ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃     ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠮᠢᠩ᠂ ᠵᠢᠶᠤᠤ ᠶᠠᠨ ᠯᠦᠩ᠂ ᠵᠤᠤ ᠪᠥᠸᠧ᠂ ᠨᠠᠷᠢᠨ ᠪᠢᠴᠢᠭ ᠤᠨ ᠳᠠᠷᠤᠭ᠎ᠠ ᠪᠢ ᠵᠢᠩ ᠱᠦᠨ ᠬᠤᠷᠠᠯ ᠳᠤ ᠣᠷᠣᠯᠴᠠᠵᠠᠢ᠃ ᠲᠤᠭᠤᠷᠢᠭ ᠤᠨ ᠳᠡᠳ᠋ ᠳᠠᠷᠤᠭ᠎ᠠ ᠡᠤ ᠱᠧᠨ ᠮᠦᠸᠧ ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ᠄ ᠹᠠᠨ ᠷᠦᠢ ᠴᠢᠩ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号