ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠭᠢᠯᠭᠠᠨ ᠮᠡᠳᠡᠭᠡ 3 ᠰᠠᠷ᠎ᠠ ᠶᠢᠨ 1 ᠤ ᠡᠳᠦᠷ | ᠬᠡᠪᠯᠡᠭᠳᠡᠭᠰᠡᠨ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠰᠠᠶᠢᠲᠤᠷ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ | ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠮᠠᠨ ᠤ ᠤᠯᠤᠰ ᠤᠨ ᠠᠵᠤ | ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ | ᠤᠯᠤᠰ ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ | ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ | ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ ᠵᠣᠷᠢᠭᠵᠢᠭᠤᠯᠤᠮ᠎ᠠ ᠪᠠᠶᠢᠨ᠎ᠠ᠃ 9 ᠰᠠᠷ᠎ᠠ ᠶᠢᠨ 26 ᠤ ᠡᠳᠦᠷ ᠨᠠᠮ ᠤᠨ | ᠲᠥᠪ ᠤᠨ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ ᠠᠯᠢ ᠤᠯᠠᠨ ᠨᠡᠮᠡᠭᠳᠡᠯ ᠤᠨ ᠲᠥᠷᠥ ᠶᠢᠨ | ᠪᠣᠳᠣᠯᠭ᠎ᠠ ᠶᠢ ᠡᠷᠡᠰ ᠰᠢᠭᠤᠷᠬᠠᠢ ᠪᠠᠷ ᠪᠠᠶᠢᠷᠢᠯᠠᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ | ᠳᠡᠯᠭᠡᠭᠦᠷ ᠪᠠ ᠵᠠᠬ᠎ᠠ ᠳᠡᠯᠭᠡᠭᠦᠷ ᠤᠨ ᠵᠢᠱᠢᠯᠲᠡ᠂ ᠨᠡᠶᠢᠭᠡᠮ ᠤᠨ ᠢᠲᠡᠭᠡᠯ ᠢ ᠪᠦᠲᠦᠮᠵᠢᠲᠡᠶ ᠬᠥᠭᠵᠢᠭᠡᠵᠦ᠂ ᠠᠵᠤ ᠠᠬᠤᠢ | ᠢᠯᠡᠳᠲᠡ ᠰᠠᠶᠢᠵᠢᠷᠠᠵᠤ᠂ ᠪᠦᠭᠦ ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ | 2025 ᠣᠨ ᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠢ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠪᠠᠶᠢᠳᠠᠯ ᠢ ᠵᠠᠳᠠᠯᠬᠤ ᠳᠤ ︽ᠬᠤᠶᠠᠷ ᠲᠠᠯᠠᠲᠤ ᠤᠨᠤᠯ︾ ᠢ ᠪᠠᠷᠢᠮᠲᠠᠯᠠᠵᠤ᠂ ᠠᠮᠵᠢᠯᠲᠠ ᠪᠠᠨ | ᠭᠦᠢᠴᠡᠳ ᠶᠠᠷᠢᠬᠤ ᠪᠠᠷ ᠪᠠᠷᠠᠬᠤ ᠦᠭᠡᠢ ᠪᠠᠰᠠ ᠠᠰᠠᠭᠤᠳᠠᠯ ᠢ ᠨᠡᠪᠲᠡᠷᠡᠲᠡᠯ᠎ᠡ ᠲᠣᠭᠠᠴᠢᠬᠤ ᠬᠡᠷᠡᠭᠲᠡᠢ᠃ ᠣᠳᠣᠬᠠᠨ ᠳᠤ᠂ | ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠭᠦᠨᠵᠡᠭᠡᠶᠢᠷᠡᠵᠦ᠂ ᠮᠠᠨ ᠤ | ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ | ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ | ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠳᠤ ᠲᠤᠯᠭᠠᠭᠤᠷᠢᠯᠠᠬᠤ | ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠢᠲᠡᠭᠡᠯ | ᠵᠣᠷᠢᠭ ᠪᠠᠭᠤᠷᠠᠬᠤ ᠦᠭᠡᠢ ᠯᠡ ᠶᠤᠮ ᠪᠣᠯ ᠠᠷᠭ᠎ᠠ ᠤᠬᠠᠭᠠᠨ ᠶᠠᠭᠠᠬᠢᠯ᠎ᠠ ᠴᠤ ᠭᠡᠰᠡᠨ ᠬᠦᠴᠢᠷ ᠪᠡᠷᠬᠡᠰᠢᠶᠡᠯ ᠠᠴᠠ ᠤᠯᠠᠨ | ᠶᠤᠮ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ | ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠦᠢᠯᠡᠳᠦᠯᠭᠡ ᠶᠢᠨ ᠳᠤᠮᠳᠠ᠂ ᠪᠢᠳᠡ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ | ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠪᠦᠭᠦ ᠨᠠᠮ ᠢᠶᠠᠷ ᠢᠶᠠᠨ ᠪᠦᠷᠢᠯᠳᠦᠭᠦᠯᠦᠭᠰᠡᠨ | ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ᠂ ᠵᠠᠩᠭᠢᠯᠠᠭ᠎ᠠ ᠶᠢᠨ | ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠰᠤᠳᠤᠯᠤᠨ | ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ ᠬᠥᠯᠭᠡ | ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠵᠤ ᠠᠬᠤᠢ ᠶᠢᠨ ᠠᠵᠢᠯ ᠮᠠᠰᠢ ᠤᠯᠠᠨ ᠪᠤᠢ᠂ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠨᠢᠭᠡ ᠳᠤ᠂ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ | ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠠᠮᠢᠳᠤᠯᠢᠭ | ᠪᠤᠯᠭᠠᠵᠤ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠭᠦ︾ ᠠᠵᠤ ᠠᠬᠤᠢ ᠶᠢᠨ ᠡᠮᠬᠢ ᠵᠢᠷᠤᠮ ᠢ ᠪᠤᠢ ᠪᠤᠯᠭᠠᠬᠤ | ᠬᠡᠷᠡᠭᠲᠡᠢ᠃ ᠵᠠᠰᠠᠭ ᠤᠨ ᠣᠷᠳᠣᠨ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠠᠵᠢᠯ ᠤᠨ ᠪᠠᠶᠢᠷᠢ | ᠳᠤᠲᠠᠭᠳᠠᠬᠤ᠂ ᠡᠷᠬᠡ ᠠᠴᠠ ᠪᠠᠨ ᠳᠠᠪᠠᠭ᠋ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠰᠠᠭ ᠤᠨ ᠣᠷᠳᠣᠨ ᠤ | ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ ᠤᠨ ᠦᠢᠯᠡᠳᠦᠯ ᠲᠡᠳᠦᠢ ᠪᠦᠲᠦᠮᠵᠢᠲᠡᠢ ᠪᠤᠯᠳᠠᠭ᠃ | ᠬᠤᠶᠠᠷ ᠲᠤ᠂ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ ᠰᠢᠯᠤᠭᠤᠳᠬᠠᠬᠤ ᠬᠡᠷᠡᠭᠲᠡᠢ᠃ ᠬᠠᠩᠭᠠᠯᠭ᠎ᠠ | ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ᠂ ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ | ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠳᠣᠲᠣᠭᠠᠳᠤ | ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ | ᠪᠤᠯᠭᠠᠬᠤ ᠬᠡᠷᠡᠭᠲᠡᠢ᠃ ᠭᠤᠷᠪᠠ ᠳᠤ᠂ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ | ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠢ ᠶᠢᠨ | ᠨᠡᠮᠡᠭᠳᠡᠯ ᠪᠣᠯᠣᠨ ᠠᠵᠢᠯ ᠣᠯᠭᠤᠯᠲᠠ ᠶᠢᠨ ᠣᠷᠣᠯᠭ᠎ᠠ ᠶᠢᠨ ᠦᠨᠳᠦᠰᠦᠨ ᠲᠦᠰᠢᠭ ᠪᠤᠯᠬᠤ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠭᠵᠢᠯᠲᠡ ᠶᠢᠨ ᠬᠥᠳᠡᠯᠭᠡᠬᠦ | ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ | ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠥᠭᠡᠴᠡ ᠶᠢ | ᠠᠮᠢᠳᠤᠯᠢᠭᠵᠢᠭᠤᠯᠬᠤ ᠪᠠᠷ ᠳᠠᠮᠵᠢᠭᠤᠯᠤᠨ ᠨᠡᠮᠡᠭᠳᠡᠯ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ | ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ᠂ ᠡᠳ᠋ ᠬᠥᠷᠥᠩᠭᠡ ᠶᠢ ᠰᠠᠶᠢᠲᠤᠷ ᠬᠠᠮᠢᠶᠠᠷᠬᠤ ᠪᠠ ᠥᠷᠢ | ᠥᠭᠴᠡᠭᠡ ᠶᠢ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ | ᠬᠡᠷᠡᠭᠲᠡᠢ᠃ ᠲᠠᠪᠤ ᠳᠤ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ | ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠣᠷᠦ᠋ᠢᠯᠠᠬᠤ ᠪᠠ ᠬᠡᠪᠴᠢᠶᠡᠲᠦ ᠦᠢᠯᠡᠳᠦᠯ ᠢ ᠪᠠᠳᠠᠷᠠᠭᠤᠯᠬᠤ ᠶᠢ | ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ ᠨᠢᠭᠡᠳᠬᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ |