— ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ | ᠠᠬᠢᠭᠤᠯᠤᠭᠰᠠᠨ ᠲᠤᠬᠠᠢ ᠪᠣᠳᠠᠲᠤ ᠲᠡᠮᠳᠡᠭᠯᠡᠯ | ᠵᠣᠬᠢᠶᠠᠭᠴᠢ᠄ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ᠃ | ᠤᠷᠳᠤ ᠬᠤᠭᠤᠴᠠᠭ᠎ᠠ ᠣᠷᠣᠨ ᠨᠤᠲᠤᠭ ᠲᠤ ᠠᠵᠢᠯᠯᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ | ᠨᠡᠯᠢᠶᠡᠳ ᠬᠥᠭᠵᠢᠭᠰᠡᠨ ᠮᠤᠵᠢ ᠳᠤ ᠠᠵᠢᠯᠯᠠᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠢᠯ ᠢᠶᠠᠷ ᠴᠢᠬᠤᠯᠠᠴᠢᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠤ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠭᠰᠠᠭᠠᠷ ᠢᠷᠡᠵᠠᠢ᠃ | ᠡᠨᠡ ᠵᠢᠯ ᠤᠨ 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠵᠤ ᠠᠬᠤᠢ ᠶᠢᠨ ᠲᠣᠮᠣ ᠬᠥᠯᠭᠡ | ᠣᠩᠭᠤᠴᠠ ᠬᠦᠴᠢᠷ ᠢ ᠰᠥᠷᠦᠨ ᠤᠷᠤᠭᠰᠢᠯᠠᠵᠤ᠂ ᠰᠠᠯᠬᠢ ᠬᠥᠯᠭᠡᠯᠡᠨ ᠳᠠᠪᠠᠯᠭᠠᠨ ᠢ ᠵᠦᠰᠦᠬᠦ ᠵᠠᠩᠭᠢᠯᠠᠭ᠎ᠠ ᠶᠢᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ︽ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠠᠯᠤᠰ ᠢᠷᠡᠭᠡᠳᠦᠢ ᠥᠷᠭᠡᠨ ᠠᠭᠤᠳᠠᠮ᠂ ᠶᠡᠭᠡ ᠦᠢᠯᠡᠰ ᠢ ᠪᠦᠲᠦᠭᠡᠵᠦ ᠪᠣᠯᠣᠨ᠎ᠠ᠂ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ ᠴᠢᠳᠠᠯ ᠢᠶᠠᠨ | ᠦᠵᠡᠭᠦᠯᠵᠦ ᠪᠠᠶᠢᠨ᠎ᠠ︾᠂ ︽ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ | ᠡᠪᠦᠷᠯᠡᠵᠦ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠰᠠᠬᠢᠨ ᠡᠵᠡᠩᠨᠡᠯᠲᠡ ᠬᠢᠵᠦ᠂ ᠤᠷᠢᠳ ᠢᠶᠠᠷ | ᠪᠠᠶᠠᠵᠢᠵᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ︾ ᠁ | ᠴᠢᠩ ᠰᠡᠳᠬᠢᠯ ᠤᠨ ᠬᠠᠯᠠᠮᠵᠢᠯᠠᠯ ᠨᠢ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠵᠤ᠂ ᠭᠦᠨ ᠵᠤᠵᠠᠭᠠᠨ ᠬᠦᠰᠡᠯ | ᠡᠷᠡᠮᠡᠯᠵᠡᠯ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ | ︵ᠨᠢᠭᠡ︶ ︽ᠨᠠᠮ ᠤᠨ ᠲᠥᠪ ᠬᠤᠷᠢᠶ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ | ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠪᠡ᠂ ᠡᠨᠡ ᠨᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ︾ | ︽ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠤᠬᠳᠤ ᠲᠠᠲᠠᠭᠠᠯᠵᠠᠯ ᠦᠭᠡᠢ ᠪᠠᠷ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︿ᠬᠤᠶᠠᠷ ᠤᠬᠲᠤ | ᠭᠤᠶᠢᠪᠢᠰᠢ ᠦᠭᠡᠢ﹀ ᠶᠢ ᠪᠠᠷᠢᠮᠲᠠᠯᠠᠬᠤ ᠬᠡᠷᠡᠭᠲᠡᠢ︾᠃ | 2022 ᠣᠨ ᠤ 12 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭᠠᠬᠢ | ᠠᠩᠬᠠᠳᠤᠭᠠᠷ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠶᠡᠷᠦᠩᠬᠡᠢ ᠱᠦᠵᠢ | ᠰᠢ ᠶᠢᠨ ᠫᠢᠩ ᠶᠠᠷᠢᠶᠠᠨ ᠳᠠᠭᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠶᠠᠷᠢᠬᠤ ᠳᠠᠭᠠᠨ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︿ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ﹀ ᠭᠡᠵᠦ ᠲᠣᠳᠣᠷᠬᠠᠢ ᠳᠤᠷᠠᠳᠴᠠᠢ᠂ ᠡᠨᠡ ᠪᠣᠯ ᠤᠷᠳᠤ | ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠲᠦᠷ ᠵᠠᠭᠤᠷ᠎ᠠ ᠶᠢᠨ ᠠᠷᠭ᠎ᠠ ᠪᠢᠰᠢ︾ ᠭᠡᠵᠦ ᠡᠷᠡᠰ ᠪᠠᠲᠤ ᠬᠡᠯᠡᠪᠡ᠃ | ︽ᠪᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠮᠠᠭᠲᠠ ᠳᠡᠮᠵᠢᠭᠰᠡᠭᠡᠷ ᠢᠷᠡᠭᠰᠡᠨ ᠪᠥᠭᠡᠳ ᠠᠷᠠᠳ ᠤᠨ | ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠲᠤ ᠠᠵᠢᠯᠯᠠᠵᠤ ᠪᠠᠶᠢᠵᠠᠢ︾᠃ ᠶᠡᠷᠦᠩᠬᠡᠢ ᠱᠦᠵᠢ | ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠬᠠᠯᠠᠮᠵᠢᠯᠠᠨ ᠳᠡᠮᠵᠢᠭᠰᠡᠭᠡᠷ ᠢᠷᠡᠵᠠᠢ᠃ | ᠾᠧᠪᠧᠢ ᠶᠢᠨ ᠵᠧᠩ ᠳ᠋ᠢᠩ ᠳᠤ ᠲᠦᠮᠡᠲᠦ ᠶᠢᠨ ᠡᠷᠦᠭᠡ ᠳᠤ ︽ᠤᠷᠢᠳ ᠢᠶᠠᠷ ᠪᠠᠶᠠᠵᠢᠭᠰᠠᠨ ᠱᠠᠩᠨᠠᠯ︾ ᠣᠯᠭᠤᠪᠠ︔ | ᠹᠦᠵᠢᠶᠠᠨ ᠳᠤ᠂ ᠲᠤᠯᠤᠭ᠎ᠠ ᠤᠳᠠᠭ᠎ᠠ ᠵᠢᠨᠵᠢᠶᠠᠩ ᠳᠤ ᠬᠦᠷᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ︔ ᠵᠧᠵᠢᠶᠠᠩ ᠳᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠢ ᠵᠡᠷᠭᠡ ᠪᠠᠷ ᠳᠠᠪᠰᠢᠵᠤ᠂ ᠬᠠᠮᠲᠤ ᠪᠠᠷ | ᠬᠥᠭᠵᠢᠬᠦ ᠶᠢ ᠠᠭᠢᠭᠤᠯᠪᠠ︔ ᠱᠠᠩᠬᠠᠢ ᠳᠤ᠂ ᠰᠢᠯᠢᠳᠡᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠮᠥᠰ ᠤᠨ ᠲᠥᠯᠥᠭᠡᠯᠡᠭᠴᠢ ᠲᠠᠢ ᠠᠭᠤᠯᠵᠠᠪᠠ ᠁ | 2007 ᠣᠨ ᠤ 4 ᠰᠠᠷ᠎ᠠ ᠶᠢᠨ 24 ᠤ ᠡᠳᠦᠷ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠭᠠᠳ ᠪᠦᠬᠦᠯᠢ ᠨᠢᠭᠡ ᠰᠠᠷ᠎ᠠ ᠪᠣᠯᠣᠮᠠᠭᠴᠠ᠂ ᠰᠢ ᠶᠢᠨ ᠫᠢᠩ ᠨᠥᠬᠦᠷ ᠪᠦᠦ ᠱᠠᠨ ᠲᠣᠭᠤᠷᠢᠭ ᠲᠤ | ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠡᠨᠡ ᠡᠳᠦᠷ᠂ ᠲᠡᠷᠡ ᠬᠤᠶᠠᠷ ᠠᠵᠤ ᠠᠬᠤᠶᠢᠯᠠᠯ ᠳᠤ ᠬᠦᠷᠴᠡᠢ᠂ ᠨᠢᠭᠡ ᠨᠢ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠤᠯᠤᠭᠴᠢ ᠪᠦᠦ ᠱᠠᠨ ᠤ ᠪᠣᠯᠣᠳ ᠲᠡᠮᠦᠷ ᠤᠨ ᠪᠦᠯᠦᠭᠯᠡᠯ᠂ | ᠨᠦᠭᠦᠭᠡ ᠨᠢ ᠠᠷᠠᠳ ᠤᠨ ᠡᠵᠡᠩᠨᠡᠯᠲᠡ ᠶᠢᠨ ᠪᠣᠯᠣᠳ ᠲᠡᠮᠦᠷ ᠤᠨ ᠠᠵᠤ ᠠᠬᠤᠶᠢᠯᠠᠯ ᠪᠣᠯᠣᠨ᠎ᠠ᠃ | ᠲᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠰᠢ ᠶᠢᠨ ᠫᠢᠩ ᠨᠥᠬᠦᠷ᠂ ︽ᠬᠤᠶᠠᠷ ᠤᠬᠳᠤ ᠭᠤᠶᠢᠪᠢᠰᠢ ᠦᠭᠡᠢ︾ | ᠶᠢ ᠪᠠᠷᠢᠮᠲᠠᠯᠠᠵᠤ᠂ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠡᠳᠦᠨ ᠰᠠᠷ᠎ᠠ ᠶᠢᠨ ᠳᠠᠷᠠᠭ᠎ᠠ᠂ ᠰᠢ ᠶᠢᠨ ᠫᠢᠩ ᠨᠥᠬᠦᠷ ᠴᠢᠩᠫᠦ᠋ ᠲᠣᠭᠤᠷᠢᠭ ᠲᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠡᠶᠡᠯᠡᠭᠦᠯᠦᠭᠰᠡᠨ ᠭᠠᠶᠢᠯᠢ ᠲᠠᠲᠠᠪᠤᠷᠢ ᠨᠢ ᠨᠢᠭᠡᠨᠲᠡ ᠴᠢᠩᠫᠦ᠋ | ᠲᠣᠭᠤᠷᠢᠭ ᠤᠨ ᠭᠠᠶᠢᠯᠢ ᠲᠠᠲᠠᠪᠤᠷᠢ ᠶᠢᠨ 50% ᠠᠴᠠ ᠳᠡᠭᠡᠭᠰᠢᠬᠢ ᠶᠢ ᠡᠵᠡᠯᠡᠭᠰᠡᠨ ᠢ ᠣᠶᠢᠯᠠᠭᠠᠪᠠ᠃ ᠲᠡᠷᠡ ᠴᠢᠩᠫᠦ᠋ ᠶᠢᠨ | ᠺᠠᠳ᠋ᠷ ᠲᠤ᠄ ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠩᠫᠦ᠋ ᠶᠢᠨ ᠠᠵᠤ ᠠᠬᠤᠢ ᠶᠢᠨ ᠬᠥᠭᠵᠢᠯᠲᠡ ᠶᠢᠨ ᠨᠢᠭᠡᠨ | ᠣᠨᠴᠠᠯᠢᠭ ᠪᠣᠯᠣᠨ᠎ᠠ᠂ ᠪᠢ ᠪᠦᠦ ᠱᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ︿ᠬᠤᠶᠠᠷ ᠤᠬᠳᠤ ᠭᠤᠶᠢᠪᠢᠰᠢ ᠦᠭᠡᠢ﹀ | ᠶᠢ ᠴᠢᠬᠤᠯᠠᠴᠢᠯᠠᠪᠠ᠂ ᠲᠥᠪ ᠠᠴᠠ ᠲᠣᠳᠣᠷᠬᠠᠢ ᠱᠠᠭᠠᠷᠳᠠᠯᠭ᠎ᠠ ᠲᠠᠢ᠂ ᠡᠨᠡ ᠨᠢ ᠮᠥᠨ ᠴᠦ ᠱᠠᠩᠬᠠᠢ ᠶᠢᠨ ᠬᠥᠭᠵᠢᠯᠲᠡ ᠳᠤ | ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠵᠢᠯᠤᠭᠤᠳᠬᠤ ᠴᠢᠭᠯᠡᠯᠲᠡ ᠪᠣᠯᠣᠨ᠎ᠠ︾ ᠭᠡᠵᠦ ᠬᠡᠯᠡᠪᠡ᠃ | ᠴᠠᠭ ᠮᠥᠴᠡ ᠥᠩᠭᠡᠷᠡᠭᠰᠡᠨ ᠴᠦ ᠬᠠᠶᠢᠷ᠎ᠠ ᠰᠡᠳᠬᠢᠯᠭᠡ ᠬᠡᠪ ᠢᠶᠠᠷ ᠢᠶᠠᠨ ᠪᠠᠶᠢᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠤᠳᠠᠭ᠎ᠠ ᠳᠠᠷᠠᠭᠠᠯᠠᠨ ᠬᠦᠷᠴᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠲᠠᠢ ᠤᠳᠠᠭ᠎ᠠ ᠳᠠᠷᠠᠭᠠᠯᠠᠨ ᠨᠢᠭᠤᠷᠳᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠶᠡᠭᠡ ᠪᠣᠳᠣᠯᠭ᠎ᠠ ᠶᠢ ᠤᠳᠠᠭ᠎ᠠ ᠳᠠᠷᠠᠭᠠᠯᠠᠨ ᠰᠦᠪᠡᠭᠴᠢᠯᠡᠪᠡ᠃ ᠶᠡᠷᠦᠩᠬᠡᠢ ᠱᠦᠵᠢ ᠰᠢ ᠶᠢᠨ ᠫᠢᠩ᠄ ︽ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠤᠯᠤᠰ ᠤᠨ ᠠᠵᠤ ᠠᠬᠤᠢ ᠶᠢᠨ ᠳᠦᠷᠢᠮ ᠤᠨ ᠳᠣᠲᠣᠭᠠᠳᠤ | ᠡᠯᠧᠮᠧᠨ᠋ᠲ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠪᠣᠯ ᠮᠠᠨ ᠤ ᠥᠪᠡᠷ ᠤᠨ ᠬᠥᠮᠥᠨ ᠮᠥᠨ︾ ᠭᠡᠵᠦ ᠴᠢᠬᠤᠯᠠᠴᠢᠯᠠᠪᠠ᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠬᠰᠠᠨ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠴᠢᠬᠤᠯᠠ | ᠶᠠᠷᠢᠶ᠎ᠠ ᠲᠠᠯᠪᠢᠵᠤ᠄ ︽ᠪᠢ ᠠᠳᠡ ᠳᠠᠬᠢᠨᠲᠠ ᠬᠡᠯᠡᠶ᠎ᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠪᠠ ᠦᠢᠯᠡᠳᠦᠯ ᠬᠤᠪᠢᠷᠠᠭ᠎ᠠ ᠦᠭᠡᠢ᠂ ᠪᠢᠳᠡ | ᠤᠬᠳᠤ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ | ᠳᠡᠮᠵᠢᠬᠦ ᠪᠠ ᠬᠥᠲᠥᠯᠥᠨ ᠵᠢᠯᠤᠭᠤᠳᠬᠤ ᠴᠢᠭᠯᠡᠯᠲᠡ ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ᠂ ᠪᠢᠳᠡᠨ ᠤ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠪᠠ | ᠨᠡᠩ ᠤᠯᠠᠨ ᠠᠵᠠ ᠲᠣᠭᠢᠶᠠᠯ ᠬᠠᠩᠭᠠᠬᠤ ᠴᠢᠭᠯᠡᠯᠲᠡ ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ︾ ᠭᠡᠪᠡ᠃ | ︽ᠬᠤᠶᠠᠷ ᠤᠬᠳᠤ ᠭᠤᠶᠢᠪᠢᠰᠢ ᠦᠭᠡᠢ︾ ᠠᠴᠠ ︽ᠭᠤᠷᠪᠠᠨ ᠬᠤᠪᠢᠷᠠᠭ᠎ᠠ ᠦᠭᠡᠢ︾ ᠪᠤᠯᠲᠠᠯ᠎ᠠ᠂ ᠮᠠᠨ ᠤ ᠨᠠᠮ ᠤᠨ | ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠭᠤᠶᠢᠪᠢᠰᠢ ᠦᠭᠡᠢ᠂ ᠲᠠᠰᠤᠷᠠᠯᠲᠠ | ᠦᠭᠡᠢ ᠭᠦᠨᠵᠡᠭᠡᠶᠢᠷᠡᠪᠡ᠃ | 2018 ᠣᠨ ᠳᠤ᠂ ᠳᠡᠯᠡᠬᠡᠢ ᠶᠢᠨ ᠪᠠᠶᠢᠳᠠᠯ ᠭᠡᠨᠡᠳᠲᠡ ᠬᠤᠪᠢᠷᠠᠵᠤ᠂ ᠮᠠᠨ ᠤ ᠤᠯᠤᠰ ᠤᠨ ᠬᠥᠭᠵᠢᠯᠲᠡ ᠬᠦᠨᠳᠦ | ᠨᠣᠴᠢᠲᠠᠢ ᠥᠷᠢᠰᠦᠯᠳᠦᠭᠡᠨ ᠳᠤ ᠲᠤᠯᠭᠠᠷᠠᠪᠠ᠃ ᠲᠤᠬᠠᠢ ᠶᠢᠨ ᠦᠶ᠎ᠡ ᠳᠤ᠂ ᠨᠡᠶᠢᠭᠡᠮ ᠳᠡᠭᠡᠷᠡᠬᠢ ᠬᠥᠮᠥᠰ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ ᠰᠡᠵᠢᠭᠯᠡᠬᠦ ᠦᠭᠡ ᠶᠠᠷᠢᠶ᠎ᠠ ᠨᠡᠶᠢᠲᠡᠯᠡᠵᠦ ᠥᠩᠭᠡᠷᠡᠵᠡᠢ᠃ | ᠶᠡᠷᠦᠩᠬᠡᠢ ᠱᠦᠵᠢ ᠰᠢ ᠶᠢᠨ ᠫᠢᠩ ᠡᠭᠦᠨ ᠤ ᠲᠤᠬᠠᠢ ᠵᠠᠯᠭᠠᠭ᠎ᠠ ᠪᠠᠷ ᠬᠠᠷᠢᠭᠤᠯᠲᠠ ᠥᠭᠴᠡᠢ᠄ ︽ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠬᠠᠷᠢᠭᠤ ᠵᠠᠬᠢᠳᠠᠯ ᠢᠯᠡᠭᠡᠬᠦ ᠳᠡᠭᠡᠨ᠂ ︽ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠲᠡᠦᠬᠡᠨ ᠬᠤᠪᠢ ᠨᠡᠮᠡᠷᠢ ᠶᠢ ᠦᠭᠡᠶᠢᠰᠬᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠪᠠᠶᠢᠷᠢ ᠰᠠᠭᠤᠷᠢ ᠦᠢᠯᠡᠳᠦᠯ ᠢ ᠰᠡᠵᠢᠭᠯᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ | ᠪᠠᠭᠤᠷᠠᠶᠢᠰᠢᠭᠤᠯᠬᠤ ᠶᠠᠮᠠᠷᠪᠠ ᠦᠭᠡ ᠶᠠᠷᠢᠶ᠎ᠠ ᠪᠣᠯᠣᠨ ᠬᠢᠳᠡᠯ ᠴᠥᠮ ᠪᠤᠷᠤᠭᠤ ᠶᠤᠮ︾ ᠭᠡᠵᠦ ᠲᠣᠳᠣᠷᠬᠠᠶᠢᠯᠠᠪᠠ︔ | ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ︽ᠨᠠᠮ ᠤᠨ ᠲᠥᠪ ᠬᠤᠷᠢᠶ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠵᠠᠢ᠂ ᠡᠨᠡ ᠨᠢ ᠬᠤᠪᠢᠷᠠᠭ᠎ᠠ ᠦᠭᠡᠢ ᠪᠥᠭᠡᠳ | ᠬᠤᠪᠢᠷᠠᠬᠤ ᠴᠤ ᠦᠭᠡᠢ ᠶᠤᠮ︾ ᠭᠡᠵᠦ ᠴᠢᠬᠤᠯᠠᠴᠢᠯᠠᠪᠠ᠃ | 2018 ᠣᠨ ᠤ 11 ᠰᠠᠷ᠎ᠠ ᠶᠢᠨ 1 ᠤ ᠦᠳᠡ ᠶᠢᠨ ᠡᠮᠦᠨ᠎ᠡ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ᠂ 50 ᠭᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠷᠢᠯᠭ᠎ᠠ ᠪᠠᠷ | ᠣᠷᠣᠯᠴᠠᠪᠠ᠃ | ᠵᠥᠭᠡᠯᠡᠨ ᠲᠣᠨᠤᠭ ᠰᠤᠳᠤᠯᠤᠨ ᠨᠡᠭᠡᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠮ ᠡᠮᠨᠡᠯᠭᠡ᠂ ᠰᠦᠯᠵᠢᠶᠡᠨ ᠤ | ᠠᠮᠤᠷ ᠲᠦᠪᠰᠢᠨ ᠵᠡᠷᠭᠡ ᠠᠳᠠᠯᠢ ᠪᠤᠰᠤ ᠬᠦᠷᠢᠶᠡᠨ ᠤ 10 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ | ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠶᠠᠷᠢᠶ᠎ᠠ ᠶᠢ ᠨᠠᠷᠢᠨ ᠬᠢᠨᠠᠮᠠᠭᠠᠢ | ᠰᠣᠨᠣᠰᠴᠤ᠂ ᠪᠠᠶᠢᠨ ᠳᠠᠭᠢᠨ ᠪᠠᠶᠢᠳᠠᠯ ᠢ ᠯᠠᠪᠯᠠᠨ ᠠᠰᠠᠭᠤᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ ᠦᠨᠳᠦᠰᠦᠨ | ᠬᠠᠤᠯᠢ᠂ ᠨᠠᠮ ᠤᠨ ᠳᠦᠷᠢᠮ ᠳᠤ ᠪᠢᠴᠢᠵᠦ ᠣᠷᠣᠭᠤᠯᠪᠠ᠂ ᠡᠭᠦᠨ ᠢ ᠬᠤᠪᠢᠷᠠᠭᠤᠯᠬᠤ ᠦᠭᠡᠢ ᠪᠥᠭᠡᠳ ᠬᠤᠪᠢᠷᠠᠭᠤᠯᠵᠤ ᠴᠤ | ᠪᠤᠯᠬᠤ ᠦᠭᠡᠢ ᠶᠤᠮ︾ ᠭᠡᠵᠦ ᠲᠣᠳᠣᠷᠬᠠᠢ ᠵᠢᠭᠠᠵᠤ ᠭᠠᠷᠭᠠᠪᠠ᠃ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ | ᠲᠠᠰᠢᠵᠤ ᠪᠠᠶᠢᠯ᠎ᠠ᠃ | ᠰᠢᠨ᠎ᠡ ᠠᠶᠠᠨ᠂ ᠰᠢᠨ᠎ᠡ ᠬᠥᠭᠵᠢᠯᠲᠡ᠂ ᠰᠢᠨ᠎ᠡ ᠠᠵᠠ ᠲᠣᠭᠢᠶᠠᠯ᠂ ᠰᠢᠨ᠎ᠡ ᠥᠷᠢᠰᠦᠯᠳᠦᠭᠡᠨ᠃ | ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠤ ᠳᠠᠬᠢᠨᠲᠠ ᠣᠷᠣᠯᠴᠠᠪᠠ᠃ ᠠᠳᠠᠯᠢ ᠪᠤᠰᠤ ᠬᠦᠷᠢᠶᠡᠨ ᠤ ᠠᠵᠢᠯ ᠲᠦᠷᠦᠯ ᠠᠴᠠ ᠢᠷᠡᠭᠰᠡᠨ 6 ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠵᠤ᠂ | ᠠᠮᠵᠢᠯᠲᠠ ᠪᠠᠨ ᠬᠠᠷᠢᠭᠤ ᠮᠡᠳᠡᠭᠦᠯᠵᠦ᠂ ᠪᠠᠶᠢᠳᠠᠯ ᠢ ᠵᠠᠳᠠᠯᠵᠤ᠂ ᠢᠷᠡᠭᠡᠳᠦᠢ ᠪᠠᠨ ᠪᠠᠷᠠᠯᠠᠵᠤ᠂ ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠶ᠎ᠠ ᠶᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ᠂ ᠨᠠᠮ ᠪᠣᠯᠣᠨ ᠤᠯᠤᠰ ᠠᠴᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ | ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ | ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠭᠤᠯᠬᠤ ᠴᠤ ᠦᠭᠡᠢ ᠶᠤᠮ ᠭᠡᠵᠦ | ᠴᠢᠬᠤᠯᠠᠴᠢᠯᠠᠪᠠ᠃ | ︵ᠬᠤᠶᠠᠷ︶ ︽ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ ᠥᠭᠭᠦᠨ᠎ᠡ︾ | ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠨᠢ ᠶᠠᠮᠠᠷ ᠪᠠᠶᠢᠪᠠᠯ ᠵᠣᠬᠢᠬᠤ ᠪᠤᠢ︖ ᠪᠠᠭᠴᠠᠯᠠᠪᠠᠯ᠂ | ᠮᠢᠨᠤ ᠦᠵᠡᠬᠦ ᠪᠠᠷ ︿ᠳᠣᠲᠣᠨᠣ﹀᠂ ︿ᠴᠢᠬᠡᠴᠢ﹀ ᠭᠡᠰᠡᠨ ᠦᠭᠡ ᠪᠣᠯᠣᠨ᠎ᠠ︾᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠵᠤ ᠪᠠᠶᠢᠭ᠎ᠠ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠤ᠂ ︽ᠰᠢᠨ᠎ᠡ | ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ︾ ᠶᠢᠨ ᠲᠤᠬᠠᠢ ᠴᠢᠬᠤᠯᠠ ᠲᠠᠶᠢᠯᠪᠤᠷᠢᠯᠠᠯᠲᠠ ᠬᠢᠪᠡ᠄ | ︽ᠤᠳᠤᠷᠢᠳᠬᠤ ᠺᠠᠳ᠋ᠷ ᠲᠤ ᠠᠪᠴᠤ ᠬᠡᠯᠡᠪᠡᠯ᠂ ︿ᠳᠣᠲᠣᠨᠣ﹀ ᠭᠡᠳᠡᠭ ᠨᠢ ᠳᠠᠷᠤᠢ ᠦᠨᠡᠨᠴᠢ ᠰᠢᠳᠤᠷᠭᠤ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠶᠠᠪᠤᠯᠴᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠠᠶᠢᠳᠠᠯ ᠳᠣᠣᠷ᠎ᠠ ᠨᠡᠩ ᠢᠳᠡᠪᠬᠢᠲᠡᠢ ᠠᠵᠢᠯᠯᠠᠵᠤ᠂ ᠡᠮᠦᠨ᠎ᠡ | ᠹᠷᠤᠨᠲ ᠲᠤ ᠦᠢᠯᠡᠴᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ ᠢᠯᠡᠭᠦᠬᠡᠨ ᠬᠠᠯᠠᠮᠵᠢᠯᠠᠵᠤ᠂ | ᠢᠯᠡᠭᠦᠬᠡᠨ ᠶᠠᠷᠢᠯᠴᠠᠵᠤ᠂ ᠢᠯᠡᠭᠦᠬᠡᠨ ᠬᠥᠲᠥᠯᠥᠨ ᠵᠢᠯᠤᠭᠤᠳᠴᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ | ᠰᠢᠢᠳᠪᠦᠷᠢᠯᠡᠬᠦ ᠶᠠᠪᠤᠳᠠᠯ ᠪᠣᠯᠣᠨ᠎ᠠ᠃ ︿ᠴᠢᠬᠡᠴᠢ﹀ ᠭᠡᠳᠡᠭ ᠨᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠯᠤᠭ᠎ᠠ ᠶᠢᠨ ᠬᠠᠷᠢᠴᠠᠭ᠎ᠠ ᠪᠠᠨ ᠠᠷᠢᠭᠤᠨ ᠴᠢᠬᠡᠴᠢ ᠪᠠᠶᠢᠯᠭᠠᠵᠤ᠂ ᠬᠤᠪᠳᠤᠭ ᠰᠠᠨᠠᠭ᠎ᠠ ᠬᠤᠪᠢᠨᠴᠢᠷ | ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡ ᠪᠠᠨ ᠠᠰᠢᠭᠯᠠᠨ ᠠᠮᠢ ᠪᠠᠨ ᠪᠣᠷᠳᠣᠵᠤ ᠪᠤᠯᠬᠤ ᠦᠭᠡᠢ᠂ ᠡᠷᠬᠡ ᠮᠥᠩᠭᠦᠨ ᠤ | ᠠᠷᠠᠯᠵᠢᠶ᠎ᠠ ᠬᠢᠵᠦ ᠪᠤᠯᠬᠤ ᠦᠭᠡᠢ ᠶᠢ ᠬᠡᠯᠡᠵᠦ ᠪᠠᠶᠢᠨ᠎ᠠ︾ ᠭᠡᠪᠡ᠃ | ᠾᠧᠪᠧᠢ ᠶᠢᠨ ᠵᠧᠩ ᠳ᠋ᠢᠩ ᠠᠴᠠ ᠹᠦᠵᠢᠶᠠᠨ ᠭᠦᠷᠲᠡᠯ᠎ᠡ᠂ ᠵᠧᠵᠢᠶᠠᠩ ᠠᠴᠠ ᠱᠠᠩᠬᠠᠢ ᠭᠦᠷᠲᠡᠯ᠎ᠡ᠂ ᠰᠢ ᠶᠢᠨ ᠫᠢᠩ | ᠨᠥᠬᠦᠷ ᠡᠯᠪᠡᠭ ᠪᠠᠶᠠᠯᠢᠭ ᠦᠢᠯᠡᠳᠦᠯᠭᠡ ᠶᠢᠨ ᠳᠤᠮᠳᠠ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ | ᠭᠦᠨᠵᠡᠭᠡᠢ ᠣᠶᠢᠯᠠᠭᠠᠪᠠ᠃ | ︽ᠶᠠᠪᠤᠶ᠎ᠠ᠂ ᠪᠢᠳᠡ ᠰᠢᠨ ᠯᠢ ᠲᠠᠢ ᠰᠢᠨ᠎ᠡ ᠶᠢᠨ ᠵᠣᠯᠭᠠᠯᠲᠠ ᠬᠢᠬᠦ ᠪᠠᠷ ᠶᠠᠪᠤᠶ᠎ᠠ︕︾ | 1985 ᠣᠨ ᠤ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ᠂ ᠰᠢᠨ᠎ᠡ ᠵᠢᠯ ᠤᠨ ᠭᠦᠷ | ᠬᠥᠭᠵᠢᠶᠡᠨ ᠦᠷᠭᠦᠯᠵᠢᠯᠡᠵᠦ ᠪᠠᠶᠢᠪᠠ᠃ ᠦᠳᠡ ᠶᠢᠨ ᠡᠮᠦᠨᠡᠬᠢ 9 ᠴᠠᠭ ᠭᠠᠷᠤᠢ ᠳᠤ᠂ ᠲᠤᠬᠠᠢ ᠶᠢᠨ ᠦᠶ᠎ᠡ ᠳᠤ ᠵᠧᠩ ᠳ᠋ᠢᠩ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠰᠢ ᠶᠢᠨ ᠫᠢᠩ ᠨᠥᠬᠦᠷ ᠰᠢᠶᠠᠨ ᠤ | ᠨᠠᠮ ᠤᠨ ᠬᠤᠷᠢᠶ᠎ᠠ ᠶᠢᠨ ᠠᠯᠪᠠᠨ ᠭᠡᠷ ᠤᠨ ᠠᠵᠢᠯᠯᠠᠭᠴᠢ ᠯᠢ ᠶᠠ ᠫᠢᠩ ᠢ ᠳᠠᠭᠤᠳᠠᠵᠤ᠂ ᠮᠠᠰᠢᠨ ᠲᠡᠷᠭᠡ ᠪᠠᠷ ᠳ᠋ᠦᠩ ᠴᠢᠤᠸᠠᠨ | ᠴᠧᠩ ᠲᠣᠰᠬᠤᠨ ᠤ ᠵᠠᠩ ᠰᠢᠨ ᠯᠢ ᠶᠢᠨ ᠭᠡᠷ ᠲᠤ ᠭᠦᠷᠪᠠ᠃ | 26 ᠨᠠᠰᠤᠲᠠᠢ ᠵᠠᠩ ᠰᠢᠨ ᠯᠢ ᠤᠤᠯ ᠨᠢ ᠰᠢᠶᠠᠨ ᠤ ᠷᠠᠳᠢᠣ᠋ ᠦᠷᠲᠡᠭᠡ ᠳᠤ ᠠᠵᠢᠯᠯᠠᠵᠤ ᠪᠠᠶᠢᠵᠠᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠢ᠂ ᠡᠩ ᠤᠨ ᠦᠶ᠎ᠡ ᠳᠡᠭᠡᠨ ᠷᠠᠳᠢᠣ᠋ ᠶᠢᠨ ᠮᠡᠷᠭᠡᠵᠢᠯ ᠢ ᠰᠤᠳᠤᠯᠵᠤ᠂ ᠮᠡᠷᠭᠡᠵᠢᠯ ᠤᠨ | ᠰᠢᠨᠡᠴᠢᠯᠡᠯᠲᠡ ᠪᠠ ᠥᠭᠡᠷᠡᠴᠢᠯᠡᠯᠲᠡ ᠬᠢᠬᠦ ᠳᠤᠷᠠᠲᠠᠢ ᠪᠠᠶᠢᠳᠠᠭ᠃ ᠴᠠᠭ ᠲᠣᠭᠢᠶᠠᠯ ᠢ ᠦᠵᠡᠵᠦ ᠪᠠᠶᠢᠭᠠᠳ᠂ ᠲᠡᠷᠡ | ᠠᠵᠢᠯ ᠢᠶᠠᠨ ᠬᠠᠶᠠᠵᠤ ᠴᠦᠨ ᠭᠤᠸᠠᠩ ᠴᠠᠭᠢᠯᠭᠠᠨ ᠬᠡᠷᠡᠭᠰᠡᠯ ᠤᠨ ᠦᠢᠯᠡᠳᠪᠦᠷᠢ ᠪᠠᠶᠢᠭᠤᠯᠪᠠ᠃ | ︽ᠰᠢ ᠱᠦᠵᠢ᠂ ᠵᠠᠩ ᠰᠢᠨ ᠯᠢ ᠲᠠᠨ ᠠᠴᠠ ᠨᠠᠰᠤ ᠪᠠᠭ᠎ᠠ᠂ ᠲᠠ ᠰᠢᠶᠠᠨ ᠤ ᠨᠠᠮ ᠤᠨ ᠬᠤᠷᠢᠶ᠎ᠠ ᠶᠢᠨ ᠱᠦᠵᠢ | ᠪᠠᠶᠢᠭᠠᠳ ᠶᠠᠭᠠᠬᠢᠭᠠᠳ ᠲᠡᠳᠡᠨ ᠤ ᠬᠢᠨ ᠳᠤ ᠬᠦᠷᠴᠦ ᠰᠢᠨ᠎ᠡ ᠵᠢᠯ ᠤᠨ ᠵᠣᠯᠭᠠᠯᠲᠠ ᠬᠢᠴᠢᠬᠡᠪᠡ︖︾ ᠭᠡᠵᠦ ᠯᠢ ᠶᠠ ᠫᠢᠩ | ᠣᠶᠢᠯᠠᠭᠠᠯ ᠦᠭᠡᠢ ᠠᠰᠠᠭᠤᠪᠠ᠃ | ︽ᠤᠴᠢᠷ ᠨᠢ ᠲᠡᠭᠦᠨ ᠤ ᠡᠨᠡ ᠬᠦ ᠪᠠᠶᠠᠵᠢᠯ ᠤᠨ ᠨᠡᠶᠢᠲᠡᠯᠢᠭ ᠵᠢᠱᠢᠶ᠎ᠡ ᠨᠢ ᠮᠠᠰᠢ ᠤᠳᠬ᠎ᠠ ᠠᠭᠤᠯᠭ᠎ᠠ ᠲᠠᠢ ᠪᠠᠶᠢᠵᠤ᠂ | ᠵᠠᠮ ᠳᠠᠭᠠᠭᠤᠯᠬᠤ᠂ ᠵᠢᠱᠢᠶ᠎ᠡ ᠦᠵᠡᠭᠦᠯᠭᠦ ᠦᠢᠯᠡᠳᠦᠯ ᠦᠵᠡᠭᠦᠯᠵᠦ ᠪᠣᠯᠣᠨ᠎ᠠ︾ ᠭᠡᠵᠦ ᠰᠢ ᠶᠢᠨ ᠫᠢᠩ ᠨᠥᠬᠦᠷ ᠬᠡᠯᠡᠪᠡ᠃ | ᠳᠡᠭᠡᠷ᠎ᠡ ᠵᠠᠭᠤᠨ ᠤ ᠶᠡᠷᠡᠭᠡᠳ ᠣᠨ ᠳᠤ᠂ ᠹᠦᠵᠢᠶᠠᠨ ᠤ ᠹᠦᠴᠢᠩ ᠬᠤᠳᠠ ᠳᠤ ᠪᠠᠶᠢᠷᠢᠯᠠᠭ᠎ᠠ ᠹᠦ᠋ ᠶᠣᠣ ᠺᠤᠮᠫᠠᠨᠢ ᠨᠢᠭᠡ | ᠪᠦᠯᠦᠭ ᠪᠠᠩᠬᠢ ᠶᠢᠨ ᠵᠢᠭᠡᠯᠡᠯᠭᠡ ᠶᠢ ᠪᠠᠴᠢᠮ ᠬᠡᠷᠡᠭᠰᠡᠬᠦ ᠶᠢᠨ ᠬᠠᠮᠲᠤ ᠬᠤᠪᠢ ᠣᠷᠣᠭᠤᠯᠤᠯᠲᠠ ᠪᠠᠨ ᠭᠠᠷᠭᠠᠵᠤ ᠨᠢᠭᠡᠨ | ᠭᠠᠳᠠᠭᠠᠳᠤ ᠶᠢᠨ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠭᠡᠰᠡᠨ ᠳᠤ ᠶᠡᠷᠦ ᠠᠴᠠ ᠵᠥᠪᠰᠢᠶᠡᠷᠡᠯ ᠣᠯᠣᠭᠰᠠᠨ ᠦᠭᠡᠢ᠃ | ᠲᠤᠬᠠᠢ ᠶᠢᠨ ᠦᠶ᠎ᠡ ᠶᠢᠨ ᠹᠦᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ ᠯᠢᠶᠠᠨ ᡁᠢ ᠰᠢᠤᠸᠠᠨ | ᠪᠠᠶᠢᠳᠠᠯ ᠢ ᠮᠡᠳᠡᠭᠰᠡᠨ ᠤ ᠳᠠᠷᠠᠭ᠎ᠠ᠂ ᠲᠤᠬᠠᠢ ᠶᠢᠨ ᠦᠶ᠎ᠡ ᠶᠢᠨ ᠹᠦᠵᠧᠦ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠰᠢ ᠶᠢᠨ ᠫᠢᠩ ᠨᠥᠬᠦᠷ ᠠᠴᠠ ᠵᠢᠭᠠᠪᠤᠷᠢ ᠠᠪᠤᠪᠠ᠃ | ᠰᠢ ᠶᠢᠨ ᠫᠢᠩ ᠨᠥᠬᠦᠷ᠄ ︽ᠲᠠ ᠨᠠᠷ ᠦᠵᠡᠯ ᠰᠠᠨᠠᠭ᠎ᠠ ᠪᠠᠨ ᠴᠢᠯᠦᠭᠡᠯᠡᠬᠦ ᠬᠡᠷᠡᠭᠲᠡᠢ᠂ ᠣᠳᠣᠬᠠᠨ ᠤ ᠪᠠᠶᠢᠭ᠎ᠠ ᠠᠵᠤ | ᠠᠬᠤᠶᠢᠯᠠᠯ ᠢᠶᠠᠨ ᠰᠠᠶᠢᠲᠤᠷ ᠡᠷᠭᠢᠯᠡᠭᠦ ᠪᠣᠯ ᠬᠠᠮᠤᠭ ᠤᠨ ᠰᠠᠶᠢᠨ ᠠᠷᠠᠯᠵᠢᠶᠠᠴᠢᠨ ᠤᠷᠢᠬᠤ ᠶᠠᠪᠤᠳᠠᠯ ᠮᠥᠨ᠂ ᠲᠡᠭᠦᠨ ᠢ ᠪᠦᠭᠦ | ᠬᠦᠴᠦ ᠪᠠᠷ ᠢᠶᠠᠨ ᠳᠡᠮᠵᠢᠬᠦ ᠬᠡᠷᠡᠭᠲᠡᠢ︾ ᠭᠡᠵᠦ ᠲᠡᠷᠡ ᠳᠠᠷᠤᠢ ᠳᠤᠨᠢ ᠢᠯᠡᠳᠬᠡᠪᠡ᠃ | ᠰᠢ ᠶᠢᠨ ᠫᠢᠩ ᠨᠥᠬᠦᠷ ᠤᠨ ᠵᠢᠭᠠᠪᠤᠷᠢ ᠪᠠᠷ ᠹᠦᠴᠢᠩ ᠬᠤᠲᠠ ᠶᠢᠨ ᠬᠢᠨ ᠹᠦ᠋ ᠶᠣᠣ ᠺᠤᠮᠫᠠᠨᠢ ᠶᠢ ᠬᠦᠴᠦᠲᠡᠢ | ᠳᠡᠮᠵᠢᠪᠡ᠃ 1996 ᠣᠨ ᠤ 3 ᠰᠠᠷ᠎ᠠ ᠳᠤ᠂ ᠹᠦ᠋ ᠶᠣᠣ ᠰᠠᠨᠠᠭᠰᠠᠨ ᠶᠣᠰᠣᠭᠠᠷ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠯᠲᠠ ᠶᠢ ᠲᠠᠲᠠᠵᠤ᠂ ᠨᠢᠭᠡ ᠳ᠋ᠦᠩᠰᠢᠭᠤᠷ ᠭᠠᠷᠤᠢ ᠲᠥᠭᠦᠷᠢᠭ ᠤᠨ ᠵᠢᠭᠡᠯᠡᠯᠭᠡ ᠳᠠᠭᠠᠯᠳᠤᠨ ᠢᠷᠡᠵᠦ᠂ ᠪᠡᠯᠡ | ᠮᠥᠩᠭᠦᠨ ᠤ ᠬᠢᠮᠤᠷᠠᠯ ᠢ ᠰᠢᠢᠳᠪᠦᠷᠢᠯᠡᠪᠡ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠯᠢᠶᠠᠨ ᡁᠢ ᠰᠢᠤᠸᠠᠨ᠄ ︽ᠰᠢ ᠶᠢᠨ ᠫᠢᠩ ᠨᠥᠬᠦᠷ ᠶᠠᠮᠠᠷ ᠴᠤ ᠬᠤᠪᠢ ᠶᠢᠨ | ᠰᠢᠨᠤᠯ ᠠᠰᠢᠭ ᠭᠡᠵᠦ ᠦᠭᠡᠢ᠂ ᠵᠣᠷᠢᠭᠲᠠᠢ ᠪᠠᠷ ᠴᠢᠷᠮᠠᠶᠢᠨ ᠠᠵᠢᠯᠯᠠᠳᠠᠭ᠃ ᠲᠡᠷᠡ ᠬᠤᠳᠠᠯᠳᠤᠭᠠᠴᠢᠨ ᠢ ᠲᠦᠢᠯ ᠢᠶᠠᠷ | ᠳᠣᠲᠣᠨᠣᠴᠢᠯᠠᠵᠤ᠂ ᠪᠢᠳᠡᠨ ᠢ ᠬᠤᠳᠠᠯᠳᠤᠭᠠᠴᠢᠨ ᠢ ᠳᠣᠲᠣᠨᠣᠴᠢᠯᠠᠬᠤ ᠮᠥᠷᠲᠡᠭᠡᠨ ᠪᠠᠰᠠ ᠬᠤᠳᠠᠯᠳᠤᠭᠠᠴᠢᠨ ᠢ | ᠪᠠᠶᠠᠵᠢᠭᠤᠯᠵᠤ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ ᠵᠣᠭᠤᠰ ᠣᠯᠭᠤᠬᠤ ᠬᠡᠷᠡᠭᠲᠡᠢ | ᠭᠡᠵᠦ ᠱᠠᠭᠠᠷᠳᠠᠵᠤ᠂ ᠢᠩᠭᠢᠪᠡᠯ ᠰᠠᠶ᠋ᠢ ᠨᠡᠩ ᠤᠯᠠᠨ ᠠᠵᠤ ᠠᠬᠤᠶᠢᠯᠠᠯ ᠢ ᠲᠠᠳᠠᠨ ᠠᠪᠴᠢᠷᠠᠵᠤ ᠴᠢᠳᠠᠨ᠎ᠠ︾ ᠭᠡᠵᠦ ᠰᠡᠳᠬᠢᠯ | ᠬᠥᠳᠡᠯᠦᠨ ᠬᠡᠯᠡᠪᠡ᠃ | ︽ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠶᠢᠭᠤᠯᠬᠤ | ᠬᠡᠷᠡᠭᠲᠡᠢ︾᠃ ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃ | ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠬᠤ ᠶᠢᠨ | ᠵᠠᠩᠭᠢᠯᠠᠭ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠦᠨᠡᠨ ᠬᠦ | ᠰᠢᠢᠳᠪᠦᠷᠢᠯᠡᠵᠦ ᠥᠭᠬᠦ ᠳᠤ ᠪᠠᠶᠢᠨ᠎ᠠ᠃ | 2007 ᠣᠨ ᠤ 9 ᠰᠠᠷ᠎ᠠ ᠶᠢᠨ 4 ᠤ ᠡᠳᠦᠷ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ | ᠰᠢ ᠶᠢᠨ ᠫᠢᠩ ᠨᠥᠬᠦᠷ ᠫᠦᠲ᠋ᠦ᠋ᠸᠧ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠫᠦᠲ᠋ᠦ᠋ᠸᠧ | ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠶᠡᠭᠡ ᠣᠨᠴᠠᠯᠢᠭ ᠪᠣᠯ ᠠᠷᠠᠳ ᠤᠨ | ᠡᠵᠡᠩᠨᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢ ᠨᠢᠭᠡᠨᠲᠡ ᠣᠷᠣᠨ ᠪᠦᠰᠡ ᠶᠢᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠭᠤᠣᠯ ᠬᠦᠴᠦᠨ ᠪᠣᠯᠪᠠ᠃ | ᠰᠢ ᠶᠢᠨ ᠫᠢᠩ ᠨᠥᠬᠦᠷ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠦᠲ᠋ᠦ᠋ᠸᠧ ᠲᠣᠭᠤᠷᠢᠭ ᠵᠠᠬ᠎ᠠ | ᠳᠡᠯᠭᠡᠭᠦᠷ ᠤᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠬᠤ ᠬᠡᠷᠡᠭᠲᠡᠢ᠃ ᠦᠢᠯᠡᠳᠪᠦᠷᠢᠯᠡᠯ ᠵᠢᠭᠠᠨ | ᠰᠤᠷᠭᠠᠯᠲᠠ ᠰᠤᠳᠤᠯᠭᠠᠨ ᠤ ᠬᠤᠯᠪᠤᠭ᠎ᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠣᠭᠤᠮᠢ ᠶᠢ ᠰᠤᠯᠠᠷᠠᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ᠂ ᠲᠤᠲᠠᠭᠳᠠᠵᠤ ᠪᠠᠶᠢᠭ᠎ᠠ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠨᠳᠥᠷ ᠪᠦᠲᠦᠮᠵᠢᠲᠡᠢ ᠴᠢᠨᠠᠷ ᠰᠠᠶᠢᠲᠠᠢ ᠤᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠬᠡᠷᠡᠭᠲᠡᠢ᠂ ᠪᠠᠰᠠ ︽ᠠᠷᠠᠳ ᠠᠴᠠ ᠡᠷᠭᠢᠯᠡᠭᠰᠡᠨ᠂ ᠠᠯᠪᠠᠨ ᠠᠴᠠ ᠲᠤᠰᠠᠯᠠᠭᠰᠠᠨ᠂ ᠨᠠᠮ ᠠᠴᠠ | ᠤᠳᠤᠷᠢᠳᠤᠭᠰᠠᠨ︾ ᠨᠢᠭᠡ ᠪᠦᠯᠦᠭ ᠬᠤᠳᠠᠯᠳᠤᠭᠠᠴᠢᠳ ᠤᠨ ᠡᠪᠯᠡᠯ᠂ ᠠᠵᠢᠯ ᠲᠦᠷᠦᠯ ᠤᠨ ᠨᠡᠶᠢᠭᠡᠮᠯᠢᠭ ᠢ ᠬᠥᠭᠵᠢᠭᠦᠯᠬᠦ | ᠬᠡᠷᠡᠭᠲᠡᠢ ᠭᠡᠵᠦ ᠬᠡᠯᠡᠪᠡ᠃ | ᠲᠡᠷᠡ ᠶᠠᠪᠤᠬᠤ ᠠᠴᠠ ᠪᠠᠨ ᠡᠮᠦᠨ᠎ᠡ ᠲᠤᠰ ᠲᠣᠭᠤᠷᠢᠭ ᠤᠨ ᠺᠠᠳ᠋ᠷᠴᠤᠳ ᠲᠤ᠄ ︽ᠱᠠᠩᠬᠠᠢ ᠶᠢᠨ ︿ᠰᠢ ᠳ᠋ᠠ | ᠲᠠᠩ﹀ ᠤᠨ ᠳᠠᠪᠠᠭᠤᠯᠢᠭ ᠪᠠ ᠣᠨᠴᠠᠯᠢᠭ ᠢ ᠠᠰᠢᠭᠯᠠᠵᠤ᠂ ᠲᠥᠪᠯᠡᠷᠡᠭᠰᠡᠨ ᠮᠠᠶ᠋ᠢᠭ ᠤᠨ᠂ ᠦᠢᠯᠡᠴᠢᠯᠡᠭᠡᠨ ᠤ ᠴᠢᠨᠠᠷᠲᠠᠢ᠂ | ᠳᠡᠭᠡᠳᠦ ᠲᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠶᠢ ᠭᠤᠣᠯᠳᠠᠯᠭ᠎ᠠ ᠲᠠᠢ ᠬᠥᠲᠥᠯᠥᠨ | ᠵᠢᠯᠤᠭᠤᠳᠴᠤ᠂ ᠱᠠᠩᠬᠠᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯᠯᠠᠭᠴᠢ ᠥᠷᠢᠰᠦᠯᠳᠦᠬᠦ ᠬᠦᠴᠦᠨ ᠢ | ᠳᠡᠭᠡᠭᠰᠢᠯᠡᠭᠦᠯᠭᠦ ᠳᠤ ᠬᠤᠪᠢ ᠨᠡᠮᠡᠷᠢ ᠦᠵᠡᠭᠦᠯᠭᠦ ᠬᠡᠷᠡᠭᠲᠡᠢ︾ ᠭᠡᠵᠦ ᠵᠠᠬᠢᠪᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠮᠵᠢᠯᠴᠠᠨ ᠬᠦᠴᠦᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ᠶᠡᠷᠦᠩᠬᠡᠢ ᠱᠦᠵᠢ ᠰᠢ ᠶᠢᠨ ᠫᠢᠩ᠂ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ | ᠨᠠᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ | ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠵᠦ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠡᠬᠢ ᠪᠤᠯᠠᠭ ᠢ ᠭᠦᠢᠴᠡᠳ | ᠤᠨᠳᠤᠷᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | 2021 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠳᠤ ᠰᠢᠨᠵᠢᠯᠡᠨ | ᠪᠠᠶᠢᠴᠠᠭᠠᠬᠤ ᠳᠠᠭᠠᠨ᠂ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠤᠨ ᠦᠢᠯᠡᠳᠪᠦᠷᠢᠯᠡᠯ ᠤᠨ ᠲᠥᠪᠯᠡᠷᠡᠭᠰᠡᠨ | ᠣᠷᠣᠨ ᠳᠤ ᠢᠷᠡᠪᠡ᠃ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ ᠣᠶᠢᠷ᠎ᠠ ᠶᠢᠨ ᠵᠢᠯ ᠠᠴᠠ | ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ᠂ ᠬᠡᠪᠴᠢᠶᠡᠵᠢᠭᠦᠯᠬᠦ᠂ ᠲᠦᠷᠦᠯ | ᠲᠡᠮᠳᠡᠭᠵᠢᠭᠦᠯᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ ᠭᠡᠪᠡ᠃ | ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠱᠠᠨ ᠶᠤᠸᠠᠨ ᠢᠳᠡᠭᠡᠨ ᠤ ᠬᠢᠵᠠᠭᠠᠷᠲᠤ ᠺᠤᠮᠫᠠᠨᠢ ᠳᠤ ᠬᠦᠷᠴᠦ᠂ | ᠲᠥᠪ ᠦᠢᠯᠡᠳᠭᠡᠪᠦᠷᠢ ᠠᠴᠠ ᠪᠣᠭᠤᠳᠠᠯᠯᠠᠬᠤ ᠲᠠᠰᠤᠭ ᠭᠦᠷᠲᠡᠯ᠎ᠡ᠂ ᠭᠤᠣᠯ ᠤᠨ ᠲᠤᠩ ᠤᠨ ᠹᠧᠨᠲ᠋ᠢᠶᠣᠤᠷ ᠤᠨ | ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠶᠡᠷᠦᠩᠬᠡᠢ ᠱᠦᠵᠢ᠂ ᠭᠤᠣᠯ ᠤᠨ ᠲᠤᠩ ᠤᠨ ᠹᠧᠨᠲ᠋ᠢᠶᠣᠤᠷ ᠢ | ᠠᠵᠤ ᠦᠢᠯᠡᠰᠵᠢᠭᠦᠯᠬᠦ ᠶᠠᠪᠤᠴᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠢᠬᠤᠯᠠ ᠦᠢᠯᠡᠳᠦᠯ ᠦᠵᠡᠭᠦᠯᠵᠦ | ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠮᠢᠳᠤᠯᠢᠭ᠂ ᠵᠣᠷᠢᠭᠲᠠᠢ ᠪᠠᠷ ᠤᠷᠤᠭᠰᠢᠯᠠᠪᠠ᠃ ᠪᠢᠳᠡ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠵᠣᠷᠢᠭᠵᠢᠭᠤᠯᠵᠤ᠂ ᠨᠠᠮ ᠪᠣᠯᠣᠨ ᠤᠯᠤᠰ ᠠᠴᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ | ᠲᠥᠭᠡᠷᠢᠭᠳᠡᠯ ᠳᠤ ᠤᠴᠠᠷᠠᠭᠰᠠᠨ ᠦᠶ᠎ᠡ ᠳᠤ ᠵᠢᠯᠣᠭᠤᠳᠤᠯᠭ᠎ᠠ ᠥᠭᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠠᠨᠠᠭ᠎ᠠ ᠠᠮᠤᠷ ᠵᠣᠷᠢᠭᠲᠠᠢ ᠬᠥᠭᠵᠢᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠡᠮᠵᠢᠨ᠂ ᠮᠠᠨ ᠤ ᠤᠯᠤᠰ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ᠂ ᠲᠥᠪ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ | ᠠᠬᠤᠢ ᠶᠢᠨ ᠰᠠᠭᠤᠷᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ | ᠬᠥᠭᠵᠢᠭᠡᠪᠡ᠃ | ᠨᠡᠩ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠄ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ | ᠠᠬᠢᠭᠤᠯᠬᠤ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠪᠠᠶᠢᠭᠤᠯᠤᠯ ᠪᠣᠯᠣᠨ ᠬᠠᠤᠯᠢ ᠴᠠᠭᠠᠵᠠ ᠶᠢᠨ ᠲᠠᠯ᠎ᠠ ᠠᠴᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ ᠲᠡᠭᠰᠢ ᠪᠠᠷ | ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠥᠮᠴᠢᠯᠡᠯ ᠤᠨ | ᠡᠷᠬᠡ ᠪᠣᠯᠣᠨ ᠬᠠᠤᠯᠢ ᠶᠣᠰᠣᠨ ᠤ ᠠᠰᠢᠭ ᠲᠤᠰᠠ ᠳᠤ ᠬᠠᠯᠳᠠᠭᠰᠠᠨ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠡᠭᠦᠷᠭᠡᠯᠡᠬᠦ | ᠠᠳᠠᠯᠢ ᠶᠠᠯ᠎ᠠ ᠲᠣᠭᠲᠠᠭᠠᠬᠤ ᠠᠳᠠᠯᠢᠬᠠᠨ ᠰᠢᠢᠳᠬᠡᠬᠦ ᠶᠢ ᠭᠡᠷᠡᠭᠵᠢᠭᠦᠯᠪᠡ︔ | ᠨᠠᠩ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠪᠠ᠄ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ | ᠪᠠᠬᠢᠯᠡᠯᠲᠡ ᠶᠢ ᠭᠦᠨᠵᠡᠭᠡᠢ ᠡᠪᠳᠡᠵᠦ᠂ ᠨᠡᠭᠡᠭᠡᠯᠲᠡ ᠲᠠᠢ ᠪᠥᠭᠡᠳ ᠢᠯᠡ ᠲᠣᠳᠣ᠂ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ | ᠡᠷᠬᠡ ᠲᠡᠭᠰᠢ ᠪᠠᠷ ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠬᠦᠴᠦᠲᠡᠢ ᠵᠠᠬ᠎ᠠ | ᠳᠡᠯᠭᠡᠭᠦᠷ ᠲᠤ ᠵᠥᠪᠰᠢᠶᠡᠷᠡᠨ ᠤᠷᠤᠭᠤᠯᠬᠤ ᠪᠠᠶᠢᠭᠤᠯᠤᠯ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ | ᠪᠤᠯᠭᠠᠪᠠ︔ | ᠨᠠᠩ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠪᠠ᠄ ᠠᠷᠠᠳ ᠤᠨ ᠡᠵᠡᠩᠨᠡᠯᠲᠡ ᠶᠢᠨ ᠠᠵᠤ | ᠠᠬᠤᠢ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠠ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷᠲᠠᠢ ᠦᠨᠡᠯᠡᠨ ᠵᠢᠱᠢᠯᠲᠡ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠡᠯᠡ ᠬᠤᠷᠠᠮᠳᠤᠭᠤᠯᠬᠤ ᠳᠤ | ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ | ᠪᠠᠶᠢᠭᠤᠯᠤᠨ ᠰᠠᠶᠢᠲᠤᠷ ᠬᠡᠷᠡᠭᠯᠡᠵᠦ᠂ ᠦᠷ᠎ᠡ ᠪᠦᠳᠦᠮᠵᠢᠳᠡᠢ ᠵᠠᠰᠠᠭ ᠣᠷᠳᠣᠨ ᠪᠣᠯᠣᠨ ᠦᠷ᠎ᠡ ᠪᠦᠲᠦᠮᠵᠢᠲᠡᠶ ᠵᠠᠬ᠎ᠠ | ᠳᠡᠯᠭᠡᠭᠦᠷ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠠ︔ | ᠁ | ᠡᠨᠡ ᠤᠳᠠᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ | ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠯ ᠨᠡᠯᠢᠶᠡᠳ ᠲᠥᠪᠯᠡᠷᠡᠵᠦ ᠪᠠᠶᠢᠭ᠎ᠠ ᠵᠠᠷᠢᠮ | ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ᠂ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ | ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ | ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠲᠡᠶᠢᠰᠢ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ | ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ | ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ | ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ ᠲᠥᠪ ᠬᠤᠷᠢᠶ᠎ᠠ ᠠᠴᠠ | ᠲᠣᠭᠲᠠᠭᠠᠭᠰᠠᠨ ᠵᠦᠢᠯ ᠢ ᠡᠷᠡᠰ ᠬᠡᠷᠡᠭᠵᠢᠭᠦᠯᠵᠦ᠂ ᠤᠤᠯ ᠬᠡᠪ ᠢᠶᠠᠷ ᠨᠢ ᠬᠡᠷᠡᠭᠵᠢᠭᠦᠯᠬᠦ ᠬᠡᠷᠡᠭᠲᠡᠢ︾ ᠭᠡᠵᠦ ᠶᠡᠷᠦᠩᠬᠡᠢ ᠱᠦᠵᠢ | ᠰᠢ ᠶᠢᠨ ᠫᠢᠩ ᠭᠤᠣᠯᠳᠠᠯᠭ᠎ᠠ ᠲᠠᠢ ᠴᠢᠬᠤᠯᠠᠴᠢᠯᠠᠪᠠ᠃ | ︵ᠭᠤᠷᠪᠠ︶ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯ | ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠦᠨ᠎ᠡ︾ | 2019 ᠣᠨ ᠤ 3 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠹᠦᠵᠢᠶᠠᠨ ᠤ ᠲᠥᠯᠥᠭᠡᠯᠡᠭᠴᠢᠳ ᠤᠨ ᠪᠦᠯᠭᠦᠮ ᠤᠨ | ᠬᠢᠨᠠᠨ ᠵᠥᠪᠯᠡᠬᠦ ᠳᠤ ᠣᠷᠣᠯᠴᠠᠪᠠ᠃ | ︽︿ᠵᠢᠨᠵᠢᠶᠠᠩ ᠤᠨ ᠲᠤᠷᠰᠢᠯᠭ᠎ᠠ﹀ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠴᠢᠬᠤᠯᠠ ᠡᠷᠳᠡᠨᠢ ᠮᠥᠨ᠂ ᠪᠢᠳᠡ ᠪᠣᠯ ︿ᠵᠢᠨᠵᠢᠶᠠᠩ ᠤᠨ ᠲᠤᠷᠰᠢᠯᠭ᠎ᠠ﹀ ᠶᠢᠨ ᠦᠢᠯᠡᠳᠦᠯᠭᠡᠵᠢᠭᠦᠯᠦᠭᠴᠢ᠂ ᠠᠰᠢᠭ | ᠭᠦᠷᠳᠡᠭᠴᠢ ᠮᠥᠨ ᠁︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠡᠭᠡᠳᠦ ᠲᠡᠰ ᠤᠨ ᠡᠭᠦᠳᠦᠯᠲᠡ | ᠲᠡᠶᠢᠰᠢ ᠤᠷᠤᠭᠰᠢᠯᠠᠬᠤ ᠳᠤ ᠦᠨᠳᠦᠰᠦᠨ ᠭᠠᠷᠬᠤ ᠵᠠᠮ ᠨᠢ ᠰᠢᠨ᠎ᠡ ᠶᠢ ᠡᠭᠦᠳᠬᠦ ᠳᠤ ᠪᠠᠶᠢᠨ᠎ᠠ︾ ᠭᠡᠵᠦ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠨ ᠲᠠ ᠪᠦᠯᠦᠭᠯᠡᠯ ᠤᠨ ᠬᠡᠷᠡᠭ ᠮᠡᠳᠡᠭᠴᠢᠳ ᠤᠨ | ᠲᠣᠪᠴᠢᠶᠠᠨ ᠤ ᠲᠡᠷᠢᠭᠦᠯᠡᠭᠴᠢ ᠳ᠋ᠢᠩ ᠱᠢ ᠵᠦᠩ ᠭᠦᠨ ᠲᠥᠷᠥᠭᠳᠡᠯ ᠲᠠᠢ ᠬᠡᠯᠡᠪᠡ᠃ | ︽ᠲᠤᠬᠠᠢ ᠶᠢᠨ ᠦᠶ᠎ᠡ ᠳᠤ᠂ ᠡᠨᠡ ᠨᠡᠷ᠎ᠡ ᠶᠢ ᠶᠠᠭᠠᠬᠢᠵᠤ ᠥᠭᠭᠦᠭᠰᠡᠨ ᠪᠤᠢ︖︾ ᠭᠡᠵᠦ ᠶᠡᠷᠦᠩᠬᠡᠢ ᠱᠦᠵᠢ | ᠠᠰᠠᠭᠤᠪᠠ᠃ | ︽︿ᠠᠨ ᠲᠠ﹀ ᠶᠢᠨ ᠤᠳᠬ᠎ᠠ ᠨᠢ ᠰᠡᠳᠬᠢᠯ ᠰᠢᠭᠤᠳᠤᠨ ᠦᠢᠯᠡᠰ ᠪᠣᠰᠬᠠᠵᠤ᠂ ᠯᠠᠪᠳᠠᠭᠤᠨ ᠪᠠᠲᠤᠲᠠᠢ ᠬᠥᠮᠥᠨ | ᠪᠤᠯᠬᠤ ᠶᠢ ᠬᠡᠯᠡᠵᠦ ᠪᠤᠢ︾ ᠭᠡᠵᠦ ᠳ᠋ᠢᠩ ᠱᠢ ᠵᠦᠩ ᠬᠠᠷᠢᠭᠤᠯᠪᠠ᠃ | ︽ᠠᠵᠤ ᠠᠬᠤᠶᠢᠯᠠᠯ ᠡᠷᠭᠢᠯᠡᠭᠦ᠂ ᠠᠵᠢᠯ ᠦᠢᠯᠡᠰ ᠪᠣᠰᠬᠠᠬᠤ ᠨᠢ ᠵᠥᠪᠭᠡᠨ ᠬᠡᠳᠦᠨ ᠵᠣᠭᠤᠰ ᠯᠡ ᠣᠯᠬᠤ ᠠᠰᠠᠭᠤᠳᠠᠯ | ᠪᠢᠰᠢ᠃ ᠵᠥᠪᠭᠡᠨ ᠵᠣᠭᠤᠰ ᠣᠯᠬᠤ ᠶᠢᠨ ᠲᠥᠯᠥᠭᠡ ᠬᠢᠪᠡᠯ ᠨᠢᠭᠡ ᠶᠢ ᠦᠵᠡᠪᠡᠯ ᠨᠦᠭᠦᠭᠡ ᠪᠠᠨ ᠬᠠᠶᠠᠬᠤ ᠶᠠᠪᠤᠳᠠᠯ ᠭᠠᠷᠤᠨ᠎ᠠ᠃ | ᠪᠣᠳᠠᠲᠤ ᠴᠣᠭᠴᠠ ᠶᠢᠨ ᠠᠵᠤ ᠠᠬᠤᠢ ᠡᠷᠭᠢᠯᠡᠭᠦ ᠳᠤ ᠦᠨᠡᠨ ᠪᠣᠳᠠᠲᠠᠢ ᠪᠠᠶᠢᠵᠤ᠂ ᠨᠢᠭᠡ ᠰᠡᠳᠬᠢᠯ ᠨᠢᠭᠡ ᠵᠣᠷᠢᠭ ᠢᠶᠠᠷ | ᠭᠤᠣᠯ ᠠᠵᠢᠯ ᠢᠶᠠᠨ ᠬᠢᠬᠦ ᠬᠡᠷᠡᠭᠲᠡᠢ᠂ ᠡᠨᠡ ᠪᠣᠯ ᠡᠭᠦᠷᠭᠡ ᠬᠠᠷᠢᠭᠤᠴᠠᠯᠭ᠎ᠠ ᠮᠥᠨ︾ ᠭᠡᠬᠦ ᠶᠡᠷᠦᠩᠬᠡᠢ ᠱᠦᠵᠢ ᠰᠢ ᠶᠢᠨ | ᠫᠢᠩ ᠤᠨ ᠦᠭᠡ ᠦᠨᠡᠨᠴᠢ ᠰᠡᠳᠬᠢᠯᠭᠡ ᠭᠦᠨ ᠪᠠᠶᠢᠪᠠ᠃ | ᠵᠢᠨᠵᠢᠶᠠᠩ ᠢ ᠶᠡᠷᠦᠩᠬᠡᠢ ᠱᠦᠵᠢ ᠰᠢ ᠶᠢᠨ ᠫᠢᠩ ᠰᠠᠶᠢᠨ ᠮᠡᠳᠡᠨ᠎ᠡ᠃ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ ᠪᠠ ᠹᠦᠵᠢᠶᠠᠨ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠵᠢᠷᠭᠤᠭᠠᠨ ᠵᠢᠯ ᠤᠨ | ᠳᠣᠲᠣᠷ᠎ᠠ᠂ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠶᠡᠨᠲᠡᠢ ᠪᠠᠶᠢᠭ᠎ᠠ ᠵᠢᠨᠵᠢᠶᠠᠩ ᠳᠤ ᠲᠤᠯᠤᠭ᠎ᠠ | ᠤᠳᠠᠭ᠎ᠠ ᠬᠦᠷᠴᠦ ᠪᠠᠶᠢᠴᠠᠭᠠᠨ ᠰᠤᠳᠤᠯᠤᠯᠲᠠ ᠬᠢᠵᠦ᠂ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ᠃ | ︽ᠠᠵᠤ ᠠᠬᠤᠶᠢᠯᠠᠯ ᠳᠤ ᠣᠴᠢᠬᠤ ᠪᠣᠯᠭᠠᠨ᠂ ᠲᠡᠷᠡ ᠪᠦᠷ ᠰᠢᠨ᠎ᠡ ᠮᠡᠷᠭᠡᠵᠢᠯ ᠢ ᠣᠷᠣᠭᠤᠯᠤᠭᠰᠠᠨ ᠡᠰᠡᠬᠦ᠂ ᠰᠢᠨ᠎ᠡ | ᠦᠢᠯᠡᠳᠬᠦᠨ ᠢ ᠨᠡᠭᠡᠭᠡᠨ ᠬᠥᠭᠵᠢᠭᠦᠯᠦᠭᠰᠡᠨ ᠡᠰᠡᠬᠦ᠂ ᠵᠠᠬ᠎ᠠ ᠳᠡᠯᠭᠡᠭᠦᠷ ᠢ ᠬᠡᠷᠬᠢᠨ ᠨᠡᠭᠡᠭᠡᠭᠰᠡᠨ᠂ ᠠᠵᠤ ᠠᠬᠤᠶᠢᠯᠠᠯ ᠢᠶᠠᠨ | ᠬᠡᠷᠬᠢᠨ ᠪᠤᠵᠠᠭᠠᠶᠢᠷᠠᠭᠤᠯᠵᠤ ᠳᠡᠶᠢᠯᠭᠦ᠂ ᠶᠠᠮᠠᠷ ᠶᠠᠮᠠᠷ ᠬᠦᠴᠢᠷᠳᠡᠯ ᠣᠷᠣᠰᠢᠵᠤ ᠪᠠᠶᠢᠬᠤ ᠶᠢ ᠨᠠᠷᠢᠨ ᠯᠠᠪᠯᠠᠨ ᠠᠰᠠᠭᠤᠳᠠᠭ᠃ | ᠲᠡᠷᠡ ᠠᠵᠤ ᠠᠬᠤᠶᠢᠯᠠᠯ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ ᠪᠠᠶᠢᠭᠤᠯᠤᠮᠵᠢ ᠶᠢᠨ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠪᠦᠲᠦᠴᠡ ᠶᠢᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ | ᠰᠠᠶᠢᠲᠤᠷ ᠠᠳᠬᠤᠵᠤ᠂ ᠢᠯᠠᠩᠭᠤᠶ᠎ᠠ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠬᠦ ᠶᠢ ᠣᠯᠠᠨᠲᠠ | ᠵᠣᠷᠢᠭᠵᠢᠭᠤᠯᠪᠠ︾᠃ ᠣᠯᠠᠨ ᠤᠳᠠᠭ᠎ᠠ ᠰᠢ ᠶᠢᠨ ᠫᠢᠩ ᠨᠥᠬᠦᠷ ᠲᠤ ᠪᠠᠷ᠎ᠠ ᠪᠣᠯᠵᠤ ᠵᠢᠨᠵᠢᠶᠠᠩ ᠳᠤ ᠪᠠᠶᠢᠴᠠᠭᠠᠨ | ᠰᠤᠳᠤᠯᠤᠯᠲᠠ ᠬᠢᠭᠰᠡᠨ ᠵᠢᠨᠵᠢᠶᠠᠩ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠪᠠᠶᠢᠭᠰᠠᠨ ᠴᠧᠨ ᠵᠠᠩ ᠶᠢᠨ | ᠡᠶᠢᠨ ᠬᠦ ᠡᠷᠭᠢᠴᠡᠭᠦᠯᠪᠡ᠃ | ᠵᠠᠬ᠎ᠠ ᠳᠡᠯᠭᠡᠭᠦᠷ ᠤᠨ ᠰᠠᠯᠬᠢᠨ ᠪᠣᠷᠣᠭᠠᠨ ᠳᠤ ᠡᠷᠡᠯᠬᠡᠭᠯᠡᠨ ᠲᠡᠮᠡᠴᠡᠵᠦ᠂ ᠴᠢᠨᠠᠷ ᠰᠠᠶᠢᠲᠠᠢ ᠬᠥᠭᠵᠢᠯᠲᠡ ᠲᠡᠶᠢᠰᠢ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠬᠡᠷᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠷᠲᠠᠭᠠᠲᠤ ᠭᠠᠵᠠᠷ ᠢ ᠲᠤᠭᠤᠯᠬᠤ᠂ ᠳᠠᠪᠠᠭ᠎ᠠ ᠶᠢ | ᠳᠠᠪᠠᠭ᠋ᠤ᠂ ᠬᠦᠴᠢᠷ ᠢ ᠲᠤᠭᠤᠯᠬᠤ᠂ ᠬᠠᠷᠰᠢ ᠰᠠᠭᠠᠳ ᠦᠭᠡᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠤᠢ︖ | ᠡᠪᠳᠡᠬᠦ ᠪᠠ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠠᠭ ᠦᠶ᠎ᠡ ᠪᠠ ᠪᠠᠶᠢᠳᠠᠯ ᠢ ᠨᠡᠪᠲᠡ ᠠᠵᠢᠭᠯᠠᠵᠤ᠂ | ᠳᠦᠷᠢᠮ ᠪᠠ ᠵᠠᠰᠠᠬᠤ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠠᠩᠬᠠᠷᠤᠯ ᠢᠶᠠᠨ ᠡᠨᠡ ᠬᠦ | ᠬᠦᠷᠢᠶᠡᠨ ᠳᠤ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠵᠢᠭᠠᠵᠤ ᠥᠭᠪᠡ᠃ | ︽ᠦᠨᠳᠦᠰᠦ ᠭᠦᠨ ᠪᠣᠯᠪᠠᠰᠤ ᠨᠠᠪᠴᠢ ᠰᠠᠬᠤᠯᠢᠭ᠂ ᠭᠤᠣᠯ ᠦᠨᠳᠦᠰᠦ ᠶᠢ ᠪᠠᠲᠤ ᠪᠠᠬᠢ ᠪᠠᠶᠢᠯᠭᠠᠬᠤ ᠴᠢᠬᠤᠯᠠᠲᠠᠢ᠂ | ᠡᠨᠡ ᠪᠣᠯ ᠠᠵᠤ ᠠᠬᠤᠶᠢᠯᠠᠯᠲᠠᠨ ᠤ ᠵᠣᠷᠢᠭ ᠰᠠᠨᠠᠭᠠᠨ ᠤ ᠨᠢᠭᠡ ᠵᠦᠢᠯ ᠤᠨ ᠢᠯᠡᠷᠡᠯ ᠪᠣᠯᠣᠨ᠎ᠠ︾᠃ ︽ᠪᠢ ᠹᠦᠵᠢᠶᠠᠨ᠂ | ᠵᠧᠵᠢᠶᠠᠩ ᠳᠤ ᠠᠵᠢᠯᠯᠠᠵᠤ ᠪᠠᠶᠢᠬᠤ ᠳᠤ ᠱᠠᠬᠠᠢ ᠮᠠᠯᠠᠭᠠᠢ ᠬᠤᠪᠴᠠᠰᠤ ᠬᠤᠨᠠᠷ ᠤᠨ ᠲᠠᠯ᠎ᠠ ᠪᠠᠷ ᠬᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠮᠠᠰᠢ ᠣᠯᠠᠨ ᠪᠠᠶᠢᠪᠠ᠃ ᠬᠠᠮᠤᠭ ᠠᠩᠬᠠᠨ ᠤ ᠮᠠᠲ᠋ᠧᠷᠢᠶᠠᠯ ᠣᠷᠣᠭᠤᠯᠵᠤ | ᠪᠤᠯᠪᠠᠰᠤᠷᠠᠭᠤᠯᠬᠤ ᠪᠠᠷ ᠭᠤᠣᠯ ᠪᠤᠯᠭᠠᠵᠤ ᠪᠠᠶᠢᠭᠰᠠᠨ ᠠᠴᠠ ᠪᠠᠨ ᠣᠲᠣ ᠥᠪᠡᠷ ᠤᠨ ᠲᠦᠷᠦᠯ ᠲᠡᠮᠳᠡᠭ ᠢᠶᠠᠨ ᠡᠭᠦᠳᠦᠨ | ᠪᠠᠶᠢᠭᠤᠯᠵᠤ᠂ ᠳᠡᠯᠡᠬᠡᠢ ᠶᠢᠨ ᠲᠦᠷᠦᠯ ᠲᠡᠮᠳᠡᠭ ᠠᠴᠠ ᠳᠠᠪᠠᠭᠰᠠᠨ ᠪᠠᠶᠢᠨ᠎ᠠ᠂ ᠪᠢ ᠡᠲᠡᠭᠡᠷ ᠰᠢᠨ᠎ᠡ ᠬᠦᠴᠦᠨ ᠠᠵᠤ | ᠠᠬᠤᠶᠢᠯᠠᠯ ᠢ ᠠᠵᠢᠭᠯᠠᠪᠠᠯ᠂ ᠨᠢᠭᠡ ᠰᠡᠳᠬᠢᠯ ᠨᠢᠭᠡ ᠵᠣᠷᠢᠭ ᠢᠶᠠᠷ ᠢᠮᠠᠭᠲᠠ ᠲᠤᠭᠤᠰᠢᠯᠠᠭᠤᠯᠵᠤ᠂ ᠭᠤᠣᠯ ᠦᠢᠯᠡᠰ ᠢᠶᠠᠨ | ᠬᠦᠴᠦᠷᠬᠡᠭᠵᠢᠭᠦᠯᠵᠦ ᠪᠠᠶᠢᠬᠤ ᠳᠤ ᠪᠠᠶᠢᠨ᠎ᠠ︾᠃ 2024 ᠣᠨ ᠤ 5 ᠰᠠᠷ᠎ᠠ ᠳᠤ᠂ ᠱᠠᠨᠳᠦ᠋ᠩ ᠤᠨ ᠵᠢᠨᠠᠨ ᠳᠤ ᠡᠷᠭᠢᠯᠡᠨ | ᠬᠤᠷᠠᠯᠳᠤᠭᠤᠯᠤᠭᠰᠠᠨ ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ ᠥᠩᠭᠡᠷᠡᠭᠰᠡᠨ ᠤ ᠶᠠᠪᠤᠳᠠᠯ ᠢᠶᠠᠨ ᠢᠩᠭᠢᠵᠦ ᠶᠠᠷᠢᠪᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠪᠢ ᠹᠦᠵᠢᠶᠠᠨ ᠪᠣᠯᠣᠨ ᠵᠧᠵᠢᠶᠠᠩ ᠳᠤ ᠠᠵᠢᠯᠯᠠᠵᠤ | ᠪᠠᠶᠢᠬᠤ ᠳᠠᠭᠠᠨ᠂ ᠲᠤᠬᠠᠢ ᠶᠢᠨ ᠭᠠᠵᠠᠷ ᠤᠨ ᠵᠠᠷᠢᠮ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠦᠢᠯᠡᠰ ᠲᠤ | ᠰᠠᠭᠤᠷᠢᠯᠠᠵᠤ᠂ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠰᠤᠷᠠᠯᠳᠠ ᠦᠭᠡᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠠᠷᠭ᠎ᠠ ᠬᠢᠳᠡᠯ ᠢ ᠮᠠᠰᠢ ᠵᠥᠪᠰᠢᠶᠡᠷᠡᠵᠦ ᠪᠠᠶᠢᠪᠠ᠃ ᠡᠨᠡ ᠬᠤᠶᠠᠷ ᠭᠠᠵᠠᠷ ᠤᠨ ᠬᠤᠪᠴᠠᠰᠤ ᠬᠤᠨᠠᠷ | ᠱᠠᠬᠠᠢ ᠮᠠᠯᠠᠭᠠᠢ ᠶᠢᠨ ᠠᠵᠤ ᠠᠬᠤᠶᠢᠯᠠᠯ ᠨᠡᠯᠢᠶᠡᠳ ᠤᠯᠠᠨ ᠪᠠᠶᠢᠵᠤ᠂ ᠤᠳᠤ ᠵᠠᠷᠢᠮ ᠨᠢ ᠨᠢᠭᠡᠨᠲᠡ ᠳᠡᠯᠡᠬᠡᠢ ᠶᠢᠨ ᠤᠷᠤᠰᠬᠠᠯ ᠢ | ᠳᠠᠭᠠᠭᠤᠯᠵᠤ ᠪᠠᠶᠢᠨ᠎ᠠ᠂ ᠡᠭᠦᠨ ᠤ ᠮᠠᠰᠢ ᠴᠢᠬᠤᠯᠠ ᠰᠢᠯᠲᠠᠭᠠᠨ ᠪᠣᠯ ᠳᠠᠷᠤᠢ ᠬᠡᠳᠦᠨ ᠠᠷᠪᠠᠨ ᠵᠢᠯ ᠤᠨ ᠲᠤᠷᠰᠢ ᠨᠢᠭᠡ | ᠰᠡᠳᠬᠢᠯ ᠨᠢᠭᠡ ᠵᠣᠷᠢᠭ ᠢᠶᠠᠷ ᠡᠨᠡ ᠠᠵᠢᠯ ᠢᠶᠠᠨ ᠴᠥᠬᠦᠷᠡᠰᠢ ᠦᠭᠡᠢ ᠬᠢᠵᠦ᠂ ᠥᠪᠡᠷ ᠤᠨ ᠲᠦᠷᠦᠯ ᠲᠡᠮᠳᠡᠭ ᠢᠶᠠᠨ | ᠴᠥᠬᠦᠷᠡᠰᠢ ᠦᠭᠡᠢ ᠡᠭᠦᠳᠦᠨ ᠪᠠᠶᠢᠭᠤᠯᠵᠤ᠂ ᠤᠳᠤ ᠳᠡᠯᠡᠬᠡᠢ ᠶᠢᠨ ᠨᠡᠷᠡᠳᠤ ᠠᠵᠤ ᠠᠬᠤᠶᠢᠯᠠᠯ ᠪᠣᠯᠤᠭᠰᠠᠨ ᠪᠠᠶᠢᠨ᠎ᠠ︾ ᠭᠡᠵᠦ | ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠭᠤᠣᠯ ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | 2024 ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠤᠨ | ᠨᠡᠷᠡᠰ ᠤᠨ ᠵᠢᠭᠰᠠᠭᠠᠯᠲᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠠᠵᠤ ᠦᠢᠯᠡᠰ ᠲᠡᠭᠡᠨ ᠨᠠᠩ | ᠠᠩᠬᠠᠷᠤᠯ ᠢᠶᠠᠨ ᠲᠥᠪᠯᠡᠷᠡᠭᠦᠯᠵᠦ᠂ ᠨᠡᠷᠡᠰ ᠤᠨ ᠵᠢᠭᠰᠠᠭᠠᠯᠲᠠ ᠳᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠤᠭ᠎ᠠ | ᠬᠡᠮᠵᠢᠶᠡᠨ ᠤ ᠡᠵᠡᠯᠡᠬᠦ ᠬᠠᠷᠢᠴᠠᠯ ᠨᠢ 66.4% ᠳᠤ ᠬᠦᠷᠴᠦ᠂ 3 ᠵᠢᠯ ᠳᠠᠷᠠᠭᠠᠯᠠᠨ ᠳᠡᠭᠡᠭᠰᠢᠯᠡᠭᠰᠡᠨ ᠢ ᠢᠯᠡᠷᠡᠭᠦᠯᠦᠭᠰᠡᠨ | ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ | ᠮᠥᠨ᠃ | 2006 ᠣᠨ ᠤ 1 ᠰᠠᠷ᠎ᠠ ᠶᠢᠨ 9 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠡᠭᠡ ᠬᠤᠷᠠᠯ ᠡᠬᠢᠯᠡᠪᠡ᠃ ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ | ᠰᠢ ᠶᠢᠨ ᠫᠢᠩ ᠨᠥᠬᠦᠷ ᠪᠦᠯᠭᠦᠮ ᠳᠠᠭᠠᠭᠤᠯᠤᠨ ᠶᠡᠭᠡ ᠬᠤᠷᠠᠯ ᠳᠤ ᠣᠷᠣᠯᠴᠠᠵᠤ᠂ ᠲᠡᠭᠦᠨ ᠤ ᠪᠡᠶ᠎ᠡ ᠠᠴᠠ ᠴᠠᠭ ᠮᠥᠴᠡ | ᠪᠢᠳᠡᠨ ᠢ ᠬᠦᠯᠢᠶᠡᠬᠦ ᠦᠭᠡᠢ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠬᠦ ᠣᠷᠭᠢᠯᠤᠮ᠎ᠠ ᠰᠡᠳᠬᠢᠯᠭᠡ ᠶᠢ ᠭᠦᠨ | ᠣᠶᠢᠯᠠᠭᠠᠪᠠ᠃ ᠲᠡᠷᠡ ᠵᠧᠵᠢᠶᠠᠩ ᠤᠨ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠲᠤ᠂ ᠪᠢᠳᠡ ᠡᠷᠬᠡᠪᠰᠢ | ᠵᠧᠵᠢᠶᠠᠩ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠣᠯᠠᠨᠲᠠ | ᠬᠡᠯᠡᠪᠡ᠃ | ᠬᠤᠷᠠᠯ ᠳᠤ ᠣᠷᠣᠯᠴᠠᠬᠰᠠᠨ ᠨᠢᠩᠪᠦ᠋ᠸᠧ ᠶᠢᠨ ᠬᠠᠢ ᠲᠢᠶᠠᠨ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠵᠢᠶᠠᠨ ᠮᠢᠩ ᠰᠡᠳᠬᠢᠯ ᠳᠣᠭᠳᠣᠯᠵᠤ ᠪᠠᠶᠢᠯ᠎ᠠ᠃ ᠬᠤᠷᠠᠯ ᠤᠨ ᠵᠠᠪᠰᠠᠷ ᠢᠶᠠᠷ᠂ | ᠲᠡᠷᠡ ᠰᠢ ᠶᠢᠨ ᠫᠢᠩ ᠨᠥᠬᠦᠷ ᠢ ᠶᠠᠭᠠᠷᠠᠨ ᠡᠷᠢᠵᠦ᠂ ᠬᠠᠢ ᠲᠢᠶᠠᠨ ᠪᠦᠯᠦᠭᠯᠡᠯ ᠤᠨ ᠤᠯᠠᠨ ᠵᠢᠯ ᠤᠨ ᠲᠤᠷᠰᠢᠬᠢ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠣᠯᠣᠭᠰᠠᠨ ᠠᠬᠢᠴᠠ ᠶᠢ ᠮᠡᠳᠡᠭᠦᠯᠵᠦ᠂ ᠰᠢ ᠶᠢᠨ | ᠫᠢᠩ ᠱᠦᠵᠢ ᠶᠢ ᠬᠠᠢ ᠲᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠤᠯᠬᠤ ᠪᠠᠷ ᠤᠷᠢᠵᠠᠢ᠃ | ᠰᠠᠷ᠎ᠠ ᠭᠠᠷᠤᠢ ᠶᠢᠨ ᠲᠠᠷᠠᠭ᠎ᠠ᠂ ᠰᠢ ᠶᠢᠨ ᠫᠢᠩ ᠨᠥᠬᠦᠷ ᠪᠣᠯᠵᠤᠭ᠎ᠠ ᠶᠣᠰᠣᠭᠠᠷ ᠬᠦᠷᠴᠦ ᠢᠷᠡᠪᠡ᠃ | ᠨᠢᠩᠪᠦ᠋ᠸᠧ ᠳᠤ᠂ ᠲᠡᠷᠡ ᠪᠦᠬᠦᠯᠢ 3 ᠡᠳᠦᠷ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠠᠯ᠎ᠠ ᠪᠠᠷ ᠨᠡᠯᠢᠶᠡᠳ ᠰᠠᠶᠢᠨ ᠬᠢᠭᠰᠡᠨ 8 | ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠦᠢᠯᠡᠳᠬᠦᠨ ᠢ ᠳᠠᠭᠢᠨ | ᠳᠠᠪᠲᠠᠨ ᠦᠵᠡᠵᠦ᠂ ᠠᠵᠤ ᠠᠬᠤᠶᠢᠯᠠᠯᠲᠠᠨ ᠪᠣᠯᠣᠨ ᠮᠡᠷᠭᠡᠵᠢᠯ ᠤᠨ ᠠᠵᠢᠯᠲᠠᠨ ᠲᠠᠢ ᠠᠬᠢᠨ ᠳᠠᠭᠢᠨ ᠶᠠᠷᠢᠯᠴᠠᠪᠠ᠃ | ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠮᠥᠨ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠬᠦᠴᠦᠨ ᠮᠥᠨ᠃ | 2022 ᠣᠨ ᠤ ᠵᠤᠨ ᠤ ᠳᠤᠮᠳᠠ ᠰᠠᠷ᠎ᠠ ᠳᠤ᠂ ᠰᠧᠴᠤᠸᠠᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ | ᠶᠡᠷᠦᠩᠬᠡᠢ ᠱᠦᠵᠢ ᠰᠢ ᠶᠢᠨ ᠫᠢᠩ ᠵᠢᠢ ᠮᠢ ᠭᠡᠷᠡᠯ ᠴᠠᠭᠢᠯᠭᠠᠨ ᠤ ᠬᠢᠵᠠᠭᠠᠷᠲᠤ ᠺᠤᠮᠫᠠᠨᠢ ᠳᠤ ᠢᠷᠡᠪᠡ᠂ ᠡᠨᠡ ᠪᠣᠯ ᠲᠤᠰᠬᠠᠯᠲᠠ | ᠮᠠᠰᠢᠨ ᠤ ᠵᠢᠷᠤᠭ ᠲᠥᠯᠥᠪᠯᠡᠭᠡ ᠬᠢᠵᠦ ᠰᠤᠳᠤᠯᠤᠨ ᠦᠢᠯᠡᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ᠃ | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ︽3 ᠠᠴᠠ 5 ᠵᠢᠯ ᠳᠤ ᠪᠦᠭᠦ ᠪᠥᠮᠪᠥᠷᠴᠡᠭ ᠲᠤ ᠲᠦᠷᠦᠭᠦᠯᠡᠬᠦ︾ ᠡᠷᠴᠢ | ᠵᠣᠷᠢᠭ ᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠠᠵᠤ ᠠᠬᠤᠶᠢᠯᠠᠯ ᠳᠤ᠄ ︽ᠮᠠᠰᠢ ᠰᠠᠶᠢᠨ ᠪᠠᠶᠢᠨ᠎ᠠ᠂ ᠡᠶᠢᠮᠦ | ᠰᠥᠰᠥ ᠵᠣᠷᠢᠭ ᠲᠠᠢ ᠪᠠᠶᠢᠬᠤ ᠬᠡᠷᠡᠭᠲᠡᠢ︕︾ ᠭᠡᠵᠦ ᠵᠣᠷᠢᠭᠵᠢᠭᠤᠯᠪᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠰᠢᠨ᠎ᠡ ᠬᠦᠴᠦᠨ ᠴᠣᠯᠭᠤᠷᠠᠨ ᠭᠠᠷᠴᠤ᠂ ᠬᠥᠮᠥᠨ | ᠳᠦᠷᠰᠦᠲᠦ ᠮᠠᠰᠢᠨ ᠬᠥᠮᠥᠨ᠂ ᠬᠠᠭᠠᠰ ᠳᠠᠮᠵᠢᠭᠤᠯᠤᠭᠴᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢᠯᠡᠷᠡᠨ ᠭᠠᠷᠴᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠳᠠᠬᠢ ᠲᠦᠷᠭᠡᠨ | ᠬᠥᠭᠵᠢᠯᠲᠡ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ᠲᠠᠯᠠᠪᠤᠷ ᠲᠤ᠂ | ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ | ᠢᠯᠡᠷᠡᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠᠨ ᠳᠤ ᠬᠦᠴᠦᠷᠬᠡᠭ ᠶᠡᠭᠡ ᠬᠥᠳᠡᠯᠭᠡᠬᠦ | ᠡᠨᠧᠷᠭᠢ ᠨᠡᠮᠡᠷᠢᠯᠡᠪᠡ᠃ | ᠨᠢᠳᠤᠨᠤᠨ ᠤ ᠲᠦᠷᠦᠭᠦᠦ ᠭᠤᠷᠪᠠᠨ ᠤᠯᠠᠷᠢᠯ ᠳᠤ᠂ ᠪᠦᠭᠦ ᠤᠯᠤᠰ ᠲᠤ 619.1 ᠲᠦᠮᠡᠨ ᠡᠷᠦᠭᠡ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠪᠠ᠃ ᠡᠭᠦᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠵᠤ ᠦᠢᠯᠡᠰ ᠲᠤ 32.7 ᠲᠦᠮᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠢᠨ᠎ᠡ ᠪᠠᠷ ᠪᠠᠶᠢᠭᠤᠯᠤᠭᠳᠠᠵᠤ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠦᠢᠯᠡᠰ ᠲᠤ 14.8 ᠲᠦᠮᠡᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠤ᠂ ᠵᠣᠬᠢᠶᠠᠮᠠᠯ ᠤᠶᠤᠨ ᠴᠢᠳᠠᠪᠤᠷᠢ ᠶᠢᠨ ᠵᠥᠭᠡᠯᠡᠨ ᠲᠣᠨᠤᠭ | ᠰᠤᠳᠤᠯᠤᠨ ᠨᠡᠭᠡᠭᠡᠬᠦ ᠲᠥᠷᠥᠯ ᠳᠤ 80 ᠭᠠᠷᠤᠢ ᠲᠦᠮᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ | ᠪᠠᠶᠢᠭᠤᠯᠤᠭᠳᠠᠵᠠᠢ᠃ ᠡᠭᠦᠨ ᠠᠴᠠ ᠭᠠᠳᠠᠨ᠎ᠠ᠂ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ᠂ ᠺᠸᠠᠨ᠋ᠲ ᠮᠡᠳᠡᠭᠡ ᠵᠠᠩᠭᠢ | ᠵᠡᠷᠭᠡ ᠬᠦᠷᠢᠶᠡᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠥᠮ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠡᠭᠡ | ᠬᠠᠨᠳᠤᠰᠢ ᠶᠢ ᠠᠵᠢᠭᠯᠠᠬᠤ᠂ ᠠᠯᠤᠰ ᠭᠡᠲᠦ ᠶᠢ ᠲᠥᠯᠥᠪᠵᠢᠭᠦᠯᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ | 2001 ᠣᠨ ᠪᠣᠯ ᠶᠠᠭ ᠰᠠᠶᠢᠬᠠᠨ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ | ᠣᠷᠣᠬᠤ ᠦᠶ᠎ᠡ ᠪᠣᠯᠣᠨ᠎ᠠ᠃ ᠲᠠᠯᠠᠢ ᠳᠠᠭᠠᠤ ᠶᠢᠨ ᠨᠡᠭᠡᠭᠡᠯᠲᠡᠲᠤ ᠮᠤᠵᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠲᠣᠮᠣ ᠮᠤᠵᠢ ᠪᠣᠯᠤᠭᠰᠠᠨ ᠤ ᠬᠤᠪᠢ ᠳᠤ᠂ ᠵᠧᠵᠢᠶᠠᠩ ᠯᠤᠲᠤ ᠶᠡᠭᠡ ᠠᠵᠠ ᠲᠣᠭᠢᠶᠠᠯ ᠢ ᠤᠭᠲᠤᠨ ᠠᠪᠴᠢᠷᠠᠪᠠ᠃ | ᠲᠠᠷᠠᠭ᠎ᠠ ᠵᠢᠯ ᠤᠨ ᠬᠢᠨᠢ ᠰᠡᠭᠦᠯᠴᠢ ᠪᠠᠷ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ | ᠬᠠᠷᠢᠭᠤᠴᠠᠭᠠᠳ ᠨᠢᠭᠡ ᠯᠠ ᠰᠠᠷ᠎ᠠ ᠪᠣᠯᠵᠤ ᠪᠠᠶᠢᠭᠰᠠᠨ ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ | ᠤᠷᠢᠳ ᠢᠶᠠᠷ ᠬᠥᠭᠵᠢᠭᠰᠡᠨ ᠭᠠᠵᠠᠷ ᠣᠷᠣᠨ ᠪᠤᠯᠬᠤ ᠳᠠᠶᠢᠵᠸᠦ᠂ ᠸᠧᠨᠵᠸᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ | | ᠲᠤᠬᠠᠢ ᠶᠢᠨ ᠦᠶ᠎ᠡ ᠳᠤ᠂ ᠵᠧᠵᠢᠶᠠᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠠᠭ ᠬᠥᠭᠵᠢᠯᠲᠡ ᠶᠢᠨ | ᠪᠣᠭᠤᠮᠢ ᠳᠤ ᠲᠤᠯᠭᠠᠷᠠᠵᠤ᠂ ᠪᠠᠭ᠎ᠠ ᠶᠢ ᠨᠢ ᠶᠡᠭᠡ ᠪᠤᠯᠭᠠᠬᠤ ᠳᠤ ᠬᠦᠴᠢᠷ᠂ ᠶᠡᠭᠡ ᠶᠢ ᠨᠢ ᠬᠦᠴᠦᠷᠬᠡᠭᠵᠢᠭᠦᠯᠬᠦ ᠳᠤ ᠬᠦᠴᠢᠷ᠂ | ᠬᠦᠴᠦᠷᠬᠡᠭ ᠢ ᠨᠢ ᠠᠮᠢᠳᠤᠯᠢᠭ ᠪᠤᠯᠭᠠᠬᠤ ᠳᠤ ᠬᠦᠴᠢᠷ ᠪᠠᠶᠢᠪᠠ᠃ ᠸᠧᠨᠵᠸᠤ ᠶᠢᠨ ᠯᠧᠴᠢᠩ ᠳᠤ ᠪᠠᠶᠢᠭ᠎ᠠ ᠳ᠋ᠧᠯᠢᠰᠢ ᠪᠦᠯᠦᠭᠯᠡᠯ | ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠪᠠ ᠬᠥᠷᠥᠩᠭᠡ ᠶᠢᠨ ᠠᠵᠢᠯᠯᠠᠭᠠᠨ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠭᠦ ᠤᠯᠤᠰ ᠲᠤ ᠬᠠᠨᠳᠤᠭᠤᠯᠤᠨ ᠪᠠᠶᠢᠷᠢᠰᠢᠭᠤᠯᠤᠨ ᠬᠥᠭᠵᠢᠭᠦᠯᠬᠦ ᠪᠠᠷ | ᠤᠷᠤᠯᠳᠤᠵᠤ ᠪᠠᠶᠢᠪᠠ᠂ ᠭᠡᠪᠡᠴᠦ ᠵᠠᠷᠢᠮ ᠬᠥᠮᠥᠰ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠤᠵᠢ ᠶᠢᠨ ᠭᠠᠳᠠᠨ᠎ᠠ | ᠣᠴᠢᠵᠤ ᠪᠡᠯᠡ ᠣᠷᠣᠭᠤᠯᠬᠤ ᠶᠢ ᠲᠣᠭᠤᠬᠤ ᠦᠭᠡᠢ ᠪᠥᠭᠡᠳ ᠳᠡᠮᠵᠢᠬᠦ ᠴᠦ ᠦᠭᠡᠢ ᠪᠠᠶᠢᠵᠠᠢ᠃ | ᠰᠢᠨ᠎ᠡ ᠦᠢᠯᠡᠳᠪᠦᠷᠢ ᠶᠢᠨ ᠡᠯᠡᠰᠦᠨ ᠴᠠᠷ᠎ᠠ ᠶᠢᠨ ᠡᠮᠦᠨ᠎ᠡ᠂ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ | ᠲᠡᠷᠢᠭᠦᠯᠡᠭᠴᠢ ᠬᠤ᠋ ᠴᠧᠩ ᠵᠦᠩ ᠠᠴᠠ ᠰᠢ ᠶᠢᠨ ᠫᠢᠩ ᠨᠥᠬᠦᠷ ᠲᠤ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠷᠢᠭᠤ ᠮᠡᠳᠡᠭᠦᠯᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠠᠳ ᠰᠢ ᠶᠢᠨ ᠫᠢᠩ ᠨᠥᠬᠦᠷ ᠡᠷᠴᠢ ᠵᠣᠷᠢᠭ ᠢᠶᠠᠨ ᠬᠥᠪᠴᠢᠯᠡᠨ᠄ ︽ | ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠠᠴᠠ ᠲᠠ ᠨᠠᠷ ᠤᠨ ︿ᠭᠠᠳᠠᠭᠰᠢ ᠭᠠᠷᠬᠤ﹀ ᠶᠢ | ᠳᠡᠮᠵᠢᠨ᠎ᠡ᠂ ᠪᠦᠭᠦ ᠤᠯᠤᠰ ᠤᠨ ᠵᠠᠬ᠎ᠠ ᠳᠡᠯᠭᠡᠭᠦᠷ ᠢ ᠡᠵᠡᠯᠡᠬᠦ ᠪᠠᠷ ᠪᠠᠷᠠᠬᠤ ᠦᠭᠡᠢ ᠪᠠᠰᠠ ᠳᠡᠯᠡᠬᠡᠢ ᠶᠢᠨ ᠵᠠᠬ᠎ᠠ ᠳᠡᠯᠭᠡᠭᠦᠷ ᠢ | ᠡᠵᠡᠯᠡᠬᠦ ᠬᠡᠷᠡᠭᠲᠡᠢ︾᠃ ᠲᠡᠷᠡ᠂ ᠳ᠋ᠧᠯᠢᠰᠢ ᠰᠢᠭ ᠪᠣᠯ ᠳᠠᠷᠤᠢ ᠰᠤᠳᠤᠯᠤᠨ ᠨᠡᠭᠡᠭᠡᠬᠦ ᠶᠡᠷᠦᠩᠬᠡᠢ ᠬᠡᠯᠲᠡᠰ᠂ ᠡᠵᠡᠩᠨᠡᠨ | ᠪᠣᠷᠣᠯᠠᠭᠤᠯᠬᠤ ᠶᠡᠷᠦᠩᠬᠡᠢ ᠬᠡᠯᠲᠡᠰ ᠢ ᠱᠠᠩᠬᠠᠢ ᠳᠤ ᠪᠠᠶᠢᠭᠤᠯᠬᠤ ᠶᠢ ᠪᠣᠳᠣᠯᠬᠢᠯᠠᠵᠤ ᠪᠣᠯᠣᠨ᠎ᠠ᠂ ᠡᠨᠡ ᠨᠢ ᠠᠵᠤ | ᠠᠬᠤᠶᠢᠯᠠᠯ ᠤᠨ ᠠᠯᠤᠰ ᠭᠡᠲᠦ ᠶᠢᠨ ᠬᠥᠭᠵᠢᠯᠲᠡ ᠳᠤ ᠨᠠᠩ ᠠᠰᠢᠭᠲᠠᠢ ᠶᠤᠮ ᠭᠡᠵᠡᠢ᠃ | 2012 ᠣᠨ ᠳᠤ᠂ ᠳ᠋ᠧᠯᠢᠰᠢ ᠪᠦᠯᠦᠭᠯᠡᠯ ᠤᠨ ᠱᠠᠩᠬᠠᠢ ᠶᠢᠨ ᠶᠡᠷᠦᠩᠬᠡᠢ ᠵᠠᠬᠢᠷᠭ᠎ᠠ ᠨᠤᠲᠤᠭᠰᠢᠭᠰᠠᠨ ᠤ ᠳᠠᠷᠠᠭ᠎ᠠ᠂ | ᠺᠤᠮᠫᠠᠨᠢ ᠨᠢ ᠰᠤᠳᠤᠯᠤᠨ ᠨᠡᠭᠡᠭᠡᠬᠦ ᠪᠦᠯᠭᠦᠮ ᠢᠶᠠᠨ ᠴᠦ ᠱᠠᠩᠬᠠᠢ ᠳᠤ ᠨᠡᠭᠦᠯᠭᠡᠪᠡ᠃ ᠡᠳᠦᠭᠡ᠂ ᠳ᠋ᠧᠯᠢᠰᠢ ᠶᠢᠨ ᠦᠢᠯᠡᠳᠬᠦᠨ | ᠪᠠ ᠦᠢᠯᠡᠴᠢᠯᠡᠭᠡᠨ ᠤ ᠲᠣᠣᠷ ᠨᠢᠭᠡᠨᠲᠡ 60 ᠭᠠᠷᠤᠢ ᠤᠯᠤᠰ ᠪᠠ ᠭᠠᠵᠠᠷ ᠣᠷᠣᠨ ᠢ ᠪᠦᠷᠬᠦᠵᠦ᠂ ᠭᠠᠳᠠᠭᠠᠳᠤ | ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠡᠭᠡ ᠪᠠᠷ ᠨᠡᠮᠡᠭᠳᠡᠪᠡ᠃ | ᠰᠠᠯᠬᠢ ᠳᠠᠪᠠᠯᠭᠠᠨ ᠠᠴᠠ ᠠᠶᠤᠬᠤ ᠦᠭᠡᠢ ᠪᠣᠯ ᠰᠠᠶ᠋ᠢ ᠳᠠᠷᠪᠠᠭᠤᠯ ᠬᠡᠶᠢᠰᠬᠡᠨ ᠬᠤᠯᠠ ᠠᠶᠠᠯᠠᠵᠤ ᠴᠢᠳᠠᠨ᠎ᠠ᠃ | 2024 ᠣᠨ ᠳᠤ᠂ ᠮᠠᠨ ᠤ ᠤᠯᠤᠰ ᠤᠨ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠥᠷᠲᠡᠭ 43.85 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ | ᠵᠢᠯ ᠤᠨ ᠬᠢ ᠠᠴᠠ ᠪᠠᠨ 5% ᠪᠠᠷ ᠨᠡᠮᠡᠭᠳᠡᠵᠦ᠂ ᠬᠡᠪᠴᠢᠶ᠎ᠡ ᠨᠢ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 24.33 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 8.8% ᠪᠠᠷ ᠨᠡᠮᠡᠭᠳᠡᠵᠦ᠂ ᠮᠠᠨ ᠤ ᠤᠯᠤᠰ ᠤᠨ | ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠦᠷᠭᠦᠯᠵᠢᠯᠡᠨ ᠳᠡᠭᠡᠭᠰᠢᠯᠡᠨ 55.5% | ᠪᠣᠯᠵᠤ᠂ ᠭᠠᠳᠠᠭᠠᠳᠤ ᠠᠷᠠᠯᠵᠢᠶᠠᠨ ᠤ ︽ᠭᠤᠣᠯ ᠬᠦᠴᠦᠨ︾ ᠤ ᠴᠢᠬᠤᠯᠠ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠪᠠ᠃ | ︵ᠳᠥᠷᠪᠡ︶ ︽ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠨ᠎ᠠ︾ | ᠣᠳᠣᠬᠠᠨ ᠳᠤ᠂ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ᠂ ᠤᠯᠤᠰ ᠤᠨ ᠳᠣᠲᠣᠭᠠᠳᠤ ᠶᠢᠨ ᠠᠵᠤ | ᠠᠬᠤᠢ ᠶᠢᠨ ᠠᠵᠢᠯᠯᠠᠭᠠᠨ ᠳᠠᠷᠤᠯᠲᠠ ᠲᠠᠢ ᠲᠦᠪᠡᠭ ᠪᠤᠳᠤᠯᠢᠶᠠᠨᠲᠠᠢ ᠣᠷᠴᠢᠨ ᠨᠥᠬᠦᠴᠡᠯ ᠤᠨ ᠡᠮᠦᠨ᠎ᠡ᠂ ᠮᠠᠨ ᠤ ᠤᠯᠤᠰ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠴᠦ ᠵᠠᠷᠢᠮ ᠬᠦᠴᠢᠷᠳᠡᠯ ᠪᠠ ᠥᠷᠢᠰᠦᠯᠳᠦᠭᠡᠨ ᠳᠤ | ᠲᠤᠯᠭᠠᠷᠠᠵᠤ ᠪᠠᠶᠢᠨ᠎ᠠ᠃ | ︽ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ | ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ ᠳᠡᠶᠢᠯᠭᠦ ᠠᠴᠠ ᠪᠢᠰᠢ | ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ︾᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠶᠠᠭᠠᠬᠢᠵᠤ ᠦᠵᠡᠬᠦ︾᠂ ︽ᠶᠠᠭᠠᠬᠢᠵᠤ ᠬᠢᠬᠦ︾ | ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ︽ᠬᠦᠴᠢᠷᠳᠡᠯ ᠪᠣᠯᠣᠨ | ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ ᠬᠠᠷᠠᠨ᠂ | ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ | ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ︾ ᠭᠡᠵᠦ ᠴᠢᠩ ᠰᠡᠳᠬᠢᠯ ᠠᠴᠠ ᠪᠠᠨ | ᠵᠣᠷᠢᠭᠵᠢᠭᠤᠯᠪᠠ᠃ | ᠴᠠᠭ ᠪᠠ ᠪᠠᠶᠢᠳᠠᠯ ᠢ ᠰᠡᠷᠭᠡᠭ ᠢᠶᠠᠷ ᠡᠵᠡᠮᠳᠡᠵᠦ᠂ ᠠᠶᠤᠯ ᠲᠦᠭᠰᠢᠭᠦᠷᠢ ᠪᠠ ᠠᠵᠠ ᠲᠣᠭᠢᠶᠠᠯ ᠢ ᠭᠦᠨᠵᠡᠭᠡᠢ ᠠᠵᠢᠭᠯᠠᠬᠤ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠢᠮᠠᠭᠲᠠ ᠬᠥᠭᠵᠢᠯᠲᠡ ᠶᠢᠨ ᠬᠠᠷᠠᠴᠠ᠂ ᠬᠤᠪᠢᠰᠤᠩᠭᠤᠢ ᠰᠡᠳᠬᠢᠬᠦᠢ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠥᠷᠢᠰᠦᠯᠳᠦᠭᠡᠨ ᠪᠠ ᠠᠵᠠ ᠲᠣᠭᠢᠶᠠᠯ ᠢ ᠵᠥᠪ | ᠲᠠᠨᠢᠭᠤᠯᠪᠠ᠃ | ᠵᠧᠵᠢᠶᠠᠩ ᠤᠨ ᠨᠢᠩᠪᠦ᠋ᠸᠧ ᠶᠢᠨ ᠬᠡᠪ ᠬᠡᠷᠡᠭᠰᠡᠯ ᠤᠨ ᠰᠢᠨ᠎ᠡ ᠦᠢᠯᠡᠳᠪᠦᠷᠢ ᠶᠢᠨ ᠲᠣᠭᠤᠷᠢᠭ ᠲᠤ ᠮᠠᠰᠢᠨ ᠮᠧᠬᠠᠨᠢᠭ | ᠬᠦᠷᠴᠢᠭᠢᠨᠡᠵᠦ᠂ 3 ᠮᠧᠳ᠋ᠷ ᠰᠢᠬᠠᠮ ᠥᠨᠳᠥᠷ ᠲᠣᠮᠣ ᠭᠡᠯᠪᠡᠷᠢ ᠶᠢᠨ ᠬᠤᠯᠪᠤᠭᠠᠯᠠᠨ ᠠᠵᠢᠯᠯᠠᠬᠤ ᠲᠥᠬᠦᠭᠡᠷᠦᠮᠵᠢ ᠡᠮᠬᠢ | ᠵᠢᠷᠤᠮ ᠲᠠᠢ ᠠᠵᠢᠯᠯᠠᠵᠤ᠂ ᠢᠵᠢ ᠪᠦᠷᠢᠨ ᠭᠡᠳᠦ ᠲᠣᠮᠣ ᠭᠡᠯᠪᠡᠷᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠡᠶ᠎ᠡ ᠶᠢᠨ | ᠪᠦᠲᠦᠴᠡ ᠲᠠᠢ ᠬᠡᠪ ᠢ ᠶᠠᠭ ᠱᠠᠯᠠᠪᠳᠠᠨ ᠦᠢᠯᠡᠳᠪᠦᠷᠢᠯᠡᠵᠦ ᠪᠠᠶᠢᠯ᠎ᠠ᠃ | 2020 ᠣᠨ ᠤ 3 ᠰᠠᠷ᠎ᠠ ᠶᠢᠨ 29 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠢᠩᠪᠦ᠋ᠸᠧ ᠶᠢᠨ ᠪᠧᠢ ᠯᠦᠨ | ᠳ᠋ᠠ ᠴᠢ ᠳᠡᠭᠡᠳᠦ ᠲᠠᠰ ᠤᠨ ᠮᠠᠰᠢᠨ ᠲᠡᠷᠭᠡᠨ ᠤ ᠰᠡᠯᠪᠢᠭ ᠲᠣᠨᠤᠭ ᠤᠨ ᠬᠡᠪ ᠬᠡᠷᠡᠭᠰᠡᠯ ᠤᠨ ᠬᠦᠷᠢᠶᠡᠯᠡᠩ ᠲᠣᠭᠤᠷᠢᠭ ᠲᠤ | ᠰᠢᠨᠵᠢᠯᠡᠨ ᠪᠠᠶᠢᠴᠠᠭᠠᠵᠤ᠂ ᠬᠡᠪ ᠬᠡᠷᠡᠭᠰᠡᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠪᠡ᠃ | ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠵᠠᠬᠢᠶᠠᠯᠠᠭ᠎ᠠ ᠡᠳᠦᠢ ᠲᠡᠳᠦᠢ | ᠪᠠᠭᠤᠷᠠᠪᠠ᠃ ᠵᠠᠰᠠᠭ ᠤᠨ ᠣᠷᠳᠣᠨ ᠪᠢᠳᠡᠨ ᠢ ᠬᠠᠪᠰᠤᠷᠤᠨ ᠲᠡᠳᠬᠦᠵᠦ᠂ ᠤᠰᠤ ᠴᠠᠭᠢᠯᠭᠠᠨ ᠤ ᠰᠦᠢᠳᠬᠡᠯ᠂ ᠠᠵᠢᠯᠲᠠᠨ | ᠠᠵᠢᠯᠴᠢᠨ ᠤ ᠨᠡᠶᠢᠭᠡᠮ ᠤᠨ ᠳᠠᠭᠠᠳᠬᠠᠯ ᠵᠡᠷᠭᠡ ᠶᠢ ᠬᠠᠰᠤᠵᠤ ᠬᠡᠯᠲᠦᠷᠢᠭᠦᠯᠵᠦ᠂ ᠪᠢᠳᠡᠨ ᠤ ᠳᠠᠷᠤᠭᠠᠰᠤ ᠶᠢ ᠬᠥᠩᠭᠡᠷᠡᠭᠦᠯᠪᠡ᠃ | ᠪᠢᠳᠡ ᠨᠢᠳᠦᠨ ᠡᠮᠦᠨᠡᠬᠢ ᠬᠦᠴᠢᠷ ᠢ ᠲᠤᠭᠤᠯᠬᠤ ᠢᠲᠡᠭᠡᠯ ᠲᠠᠢ︾᠃ ᠺᠤᠮᠫᠠᠨᠢ ᠶᠢᠨ ᠬᠠᠷᠢᠭᠤᠴᠠᠯᠭᠠᠲᠠᠨ ᠶᠡᠷᠦᠩᠬᠡᠢ | ᠱᠦᠵᠢ ᠳᠤ᠂ ︽ᠵᠠᠯᠭᠠᠭᠠᠳ ᠮᠠᠨ ᠤ ᠠᠵᠤ ᠠᠬᠤᠶᠢᠯᠠᠯ ᠤᠨ ᠬᠠᠷᠠᠯᠲᠠ ᠪᠣᠯ ᠳᠡᠯᠡᠬᠡᠢ ᠶᠢᠨ ᠲᠡᠷᠢᠭᠦᠨ ᠵᠡᠷᠭᠡ ᠶᠢᠨ ᠬᠡᠪ | ᠬᠡᠷᠡᠭᠰᠡᠯ ᠤᠨ ᠦᠢᠯᠡᠳᠪᠦᠷᠢ ᠶᠢ ᠪᠠᠶᠢᠭᠤᠯᠵᠤ᠂ ᠬᠥᠮᠥᠨ ᠳᠤᠮᠳᠠᠴᠢ ᠶᠢᠨ ᠦᠢᠯᠡᠳᠬᠦᠨ ᠤ ᠦᠷᠳᠡᠭ ᠢ 150 ᠲᠦᠮᠡᠨ | ᠲᠥᠭᠦᠷᠢᠭ ᠲᠤ ᠬᠦᠷᠭᠡᠨ᠎ᠡ︾ ᠭᠡᠵᠦ ᠬᠡᠯᠡᠵᠦ ᠥᠭᠪᠡ᠃ | ᠭᠦᠷ ᠬᠥᠭᠵᠢᠶᠡᠨ ᠲᠠᠢ ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠷᠡᠰ ᠪᠠᠲᠤ | ᠢᠲᠡᠭᠡᠯ ᠵᠣᠷᠢᠭ ᠨᠢ ᠶᠡᠷᠦᠩᠬᠡᠢ ᠱᠦᠵᠢ ᠶᠢ ᠮᠠᠰᠢ ᠪᠠᠶᠠᠷᠯᠠᠭᠤᠯᠪᠠ᠃ | ᠲᠡᠷᠭᠡᠨ ᠳᠤ ᠭᠠᠷᠬᠤ ᠠᠴᠠ ᠪᠠᠨ ᠡᠮᠦᠨ᠎ᠡ᠂ ᠶᠡᠷᠦᠩᠬᠡᠢ ᠱᠦᠵᠢ ᠲᠤᠰᠬᠠᠶᠢᠯᠠᠨ ᠠᠵᠢᠯᠴᠢᠳ ᠲᠤ᠄ ︽ᠲᠠᠨ ᠤ ᠠᠵᠤ | ᠠᠬᠤᠶᠢᠯᠠᠯ ᠤᠨ ᠪᠠᠶᠢᠳᠠᠯ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠠᠮᠢᠵᠢᠷᠠᠯ ᠤᠨ ᠬᠦᠴᠦᠨ ᠲᠠᠢ᠂ | ᠠᠮᠢᠳᠤᠯᠢᠭ ᠴᠢᠨᠠᠷ ᠲᠠᠢ᠂ ᠡᠷᠴᠢ ᠵᠣᠷᠢᠭ ᠲᠠᠢ ᠭᠡᠳᠡᠭ ᠨᠢ ᠲᠠᠨ ᠤ ᠠᠵᠤ ᠠᠬᠤᠶᠢᠯᠠᠯ ᠤᠨ ᠪᠡᠶ᠎ᠡ ᠳᠡᠭᠡᠷ᠎ᠡ ᠴᠦ ᠢᠯᠡᠷᠡᠵᠦ | ᠪᠠᠶᠢᠨ᠎ᠠ︾ ᠭᠡᠵᠦ ᠬᠡᠯᠡᠪᠡ᠃ | ᠲᠠᠷᠠᠭ᠎ᠠ ᠨᠢ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠲᠤᠰ ᠤᠳᠠᠭ᠎ᠠ ᠶᠢᠨ ᠠᠶᠠᠯᠠᠯ ᠤᠨ | ᠲᠥᠷᠥᠭᠳᠡᠯ ᠤᠨ ᠲᠤᠬᠠᠢ ᠶᠠᠷᠢᠬᠤ ᠳᠠᠭᠠᠨ᠄ ︽ᠠᠶᠤᠯ ᠲᠦᠭᠰᠢᠭᠦᠷᠢ ᠪᠣᠯᠣᠨ ᠠᠵᠠ ᠲᠣᠭᠢᠶᠠᠯ ᠶᠡᠷᠦ ᠨᠢ ᠬᠠᠮᠲᠤ ᠣᠷᠣᠰᠢᠵᠤ᠂ | ᠠᠶᠤᠯ ᠲᠦᠭᠰᠢᠭᠦᠷᠢ ᠶᠢ ᠢᠯᠠᠨ ᠳᠠᠪᠠᠪᠠᠯ ᠳᠠᠷᠤᠢ ᠠᠵᠠ ᠲᠣᠭᠢᠶᠠᠯ ᠪᠣᠯᠣᠨ᠎ᠠ︾ ᠭᠡᠪᠡ᠃ | ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠤᠶᠤᠨ ᠤᠬᠠᠭᠠᠨ ᠢᠶᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠪᠣᠯ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠬᠤ ᠶᠢᠨ ᠵᠠᠩᠭᠢᠯᠠᠭ᠎ᠠ ᠪᠣᠯᠣᠨ᠎ᠠ᠃ | ᠹᠦᠵᠢᠶᠠᠨ ᠮᠤᠵᠢ ᠶᠢᠨ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ | ᠪᠠᠶᠢᠭ᠎ᠠ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠣᠲᠣ ᠶᠠᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠡᠷᠡᠰ ᠵᠠᠮᠨᠠᠵᠤ᠂ ᠲᠣᠭᠠᠴᠢᠯᠠᠭᠰᠠᠨ ᠲᠣᠭᠠᠴᠠᠭ᠎ᠠ ᠬᠢᠬᠦ ᠮᠡᠷᠭᠡᠵᠢᠯ᠂ ᠬᠤᠶᠠᠷ | ᠬᠡᠮᠵᠢᠯᠲᠦ ᠺᠣᠳ᠋ ᠤᠨ ᠤᠩᠰᠢᠨ ᠲᠠᠨᠢᠬᠤ ᠮᠡᠷᠭᠡᠵᠢᠯ᠂ ᠵᠣᠬᠢᠶᠠᠮᠠᠯ ᠣᠶᠤᠨᠴᠢ ᠪᠤᠳᠤᠬᠤ ᠠᠷᠭ᠎ᠠ ᠶᠢᠨ ᠮᠡᠷᠭᠡᠵᠢᠯ ᠵᠡᠷᠭᠡ | ᠲᠠᠯ᠎ᠠ ᠪᠠᠷ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ ᠪᠠᠶᠢᠨ᠎ᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠦᠭᠡᠢ ᠪᠣᠯ ᠥᠨᠥᠳᠥᠷ ᠤᠨ ᠰᠢᠨ ᠳ᠋ᠠ ᠯᠤ᠋ ᠪᠠᠶᠢᠵᠤ ᠴᠢᠳᠠᠬᠤ | ᠦᠭᠡᠢ︾᠃ ᠦᠢᠯᠡᠰ ᠪᠣᠰᠬᠠᠬᠤ ᠠᠩᠬᠠᠨ ᠤ ᠦᠶ᠎ᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠬᠤ᠋ ᠭᠠᠩ ᠮᠠᠰᠢ ᠰᠡᠳᠬᠢᠯ ᠳᠣᠭᠳᠣᠯᠵᠤ ᠪᠠᠶᠢᠯ᠎ᠠ᠃ | 1993 ᠣᠨ ᠤ ᠰᠡᠭᠦᠯᠴᠢ ᠪᠠᠷ᠂ ᠦᠢᠯᠡᠰ ᠪᠣᠰᠬᠠᠬᠤ ᠳᠤ ᠨᠢᠭᠡ ᠦᠶ᠎ᠡ ᠬᠦᠴᠢᠷᠳᠡᠯ ᠳᠤ ᠲᠤᠯᠭᠠᠷᠠᠭᠰᠠᠨ ᠬᠤ᠋ ᠭᠠᠩ | ᠪᠣᠯᠣᠨ ᠣᠨᠳᠣᠣ ᠨᠢᠭᠡ ᠡᠭᠦᠰᠬᠡᠨ ᠪᠠᠶᠢᠭᠤᠯᠤᠭᠴᠢ ᠸᠠᠩ ᠵᠢᠩ ᠮᠧᠩ ᠲᠤᠬᠠᠢ ᠶᠢᠨ ᠦᠶ᠎ᠡ ᠶᠢᠨ ᠹᠦᠵᠧᠦ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠲᠤ ᠮᠡᠳᠡᠭᠦᠯᠬᠦ ᠪᠤᠳᠤᠯ ᠣᠷᠣᠪᠠ᠃ ᠬᠠᠷᠢᠯᠴᠠᠭᠰᠠᠨ ᠤ ᠳᠠᠷᠠᠭ᠎ᠠ | ᠲᠣᠰ ᠡᠳᠦᠷ ᠤᠨ ᠦᠳᠡ ᠶᠢᠨ ᠬᠤᠶᠢᠨ᠎ᠠ ᠨᠢ ᠳᠠᠷᠤᠢ ᠬᠠᠷᠢᠭᠤ ᠥᠭᠭᠦᠨ᠎ᠡ ᠭᠡᠳᠡᠭ ᠢ ᠪᠤᠳᠤᠵᠤ ᠣᠯᠣᠭᠰᠠᠨ ᠦᠭᠡᠢ᠂ | ᠰᠢ ᠶᠢᠨ ᠫᠢᠩ ᠨᠥᠬᠦᠷ ᠲᠡᠳᠡᠨ ᠢ ᠠᠯᠪᠠᠨ ᠭᠡᠷ ᠲᠡᠭᠡᠨ ᠤᠷᠢᠵᠤ ᠨᠠᠷᠢᠨ ᠶᠠᠷᠢᠯᠴᠠᠪᠠ᠃ | ᠠᠵᠤ ᠠᠬᠤᠶᠢᠯᠠᠯ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠬᠤ | ᠠᠩᠬ᠎ᠠ ᠠᠯᠬᠤᠮ ᠤᠨ ᠲᠥᠯᠥᠪᠯᠡᠭᠡ ᠶᠢ ᠮᠡᠳᠡᠭᠰᠡᠨ ᠤ ᠳᠠᠷᠠᠭ᠎ᠠ᠂ ᠰᠢ ᠶᠢᠨ ᠫᠢᠩ ᠨᠥᠬᠦᠷ ᠮᠠᠰᠢ ᠳᠡᠮᠵᠢᠵᠦ᠂ ᠨᠡᠭᠡᠭᠡᠯᠲᠡ ᠶᠢᠨ | ᠲᠣᠭᠤᠷᠢᠭ ᠢ ᠱᠠᠯᠠᠪᠳᠠᠨ ᠵᠣᠯᠭᠠᠭᠤᠯᠬᠤ ᠬᠡᠷᠡᠭᠲᠡᠢ ᠭᠡᠵᠦ ᠵᠢᠭᠠᠪᠤᠷᠢᠯᠠᠭᠰᠠᠨ ᠪᠥᠭᠡᠳ ᠵᠠᠪᠠᠯ ᠰᠢᠨ᠎ᠡ ᠶᠢ ᠡᠭᠦᠳᠬᠦ ᠶᠢ ᠪᠠᠲᠤ | ᠰᠠᠬᠢᠵᠤ᠂ ᠠᠵᠤ ᠦᠢᠯᠡᠰ ᠢᠶᠠᠨ ᠪᠠᠲᠤ ᠰᠠᠬᠢᠵᠤ᠂ ᠬᠡᠳᠦᠢ ᠶᠡᠭᠡ ᠬᠦᠴᠢᠷ ᠪᠡᠷᠬᠡᠰᠢᠶᠡᠯ ᠢ ᠴᠦ ᠳᠠᠭᠠᠭᠠᠵᠤ ᠭᠠᠷᠬᠤ ᠬᠡᠷᠡᠭᠲᠡᠢ | ᠭᠡᠵᠦ ᠠᠵᠤ ᠠᠬᠤᠶᠢᠯᠠᠯ ᠳᠤ ᠵᠠᠬᠢᠪᠠ᠃ | 2014 ᠣᠨ ᠤ 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠬᠤ | ᠬᠤᠭᠤᠴᠠᠭᠠᠨ ᠳᠠᠭᠠᠨ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠳᠤ ᠬᠦᠷᠴᠦ᠂ ᠠᠵᠤ | ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ ᠬᠠᠷᠠᠭᠠᠳ ᠮᠠᠰᠢ ᠪᠠᠶᠠᠷᠯᠠᠵᠤ᠄ ︽ᠡᠨᠡ ᠨᠢ | ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠪᠣᠯ ᠮᠠᠨ ᠤ ᠤᠯᠤᠰ᠂ ᠪᠠᠰᠠ ᠴᠤ ᠮᠠᠨ ᠤ ᠠᠵᠤ ᠠᠬᠤᠶᠢᠯᠠᠯ ᠨᠢᠭᠡᠪᠦᠷᠢ ᠶᠢᠨ | ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ︾ ᠭᠡᠪᠡ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ | ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠬᠤ ᠪᠣᠯᠣᠨ᠎ᠠ᠂ ᠭᠡᠪᠡᠴᠦ ᠠᠵᠠ ᠲᠣᠭᠢᠶᠠᠯ ᠪᠠ | ᠥᠷᠢᠰᠦᠯᠳᠦᠭᠡᠨ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠪᠡᠯ ᠯᠠᠪᠲᠠᠢ ᠲᠡᠦᠬᠡ ᠶᠢᠨ ᠠᠵᠠ | ᠲᠣᠭᠢᠶᠠᠯ ᠢ ᠠᠮᠵᠢᠵᠤ᠂ ᠬᠥᠭᠵᠢᠯᠲᠡ ᠶᠢᠨ ᠲᠡᠷᠢᠭᠦᠨ ᠠᠵᠠ ᠲᠣᠭᠢᠶᠠᠯ ᠢ ᠣᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | 2023 ᠣᠨ ᠤ 3 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭᠰᠠᠨ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ᠃ | ᠨᠢᠩᠳᠧ ᠶᠢᠨ ᠴᠠᠭ ᠦᠶ᠎ᠡ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ | ᠬᠢᠵᠠᠭᠠᠷᠲᠤ ᠺᠤᠮᠫᠠᠨᠢ ᠶᠢᠨ ᠽᠧᠩ ᠢᠦᠢ ᠴᠢᠶᠦ᠋ᠨ ᠭᠡᠰᠢᠭᠦᠨ ᠡᠩ ᠲᠡᠷᠢᠭᠦᠨ ᠳᠤ ᠦᠭᠡ ᠬᠡᠯᠡᠵᠦ᠂ ᠶᠡᠷᠦᠩᠬᠡᠢ ᠱᠦᠵᠢ ᠳᠤ | ᠠᠵᠤ ᠠᠬᠤᠶᠢᠯᠠᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠳ᠋ᠢᠶᠠᠨ ᡂᠢ ᠶᠢ ᠰᠤᠳᠤᠯᠤᠨ ᠨᠡᠭᠡᠭᠡᠵᠦ᠂ | ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠴᠢᠷᠮᠠᠶᠢᠨ ᠡᠵᠡᠯᠡᠭᠰᠡᠨ | ᠪᠠᠶᠢᠳᠠᠯ ᠢᠶᠠᠨ ᠬᠠᠷᠢᠭᠤ ᠮᠡᠳᠡᠭᠦᠯᠪᠡ᠃ | ︽ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠨ ᠬᠥᠭᠵᠢᠵᠦ ᠪᠠᠶᠢᠨ᠎ᠠ᠃ ᠡᠨᠡ ᠶᠠᠪᠤᠳᠠᠯ ᠳᠤ ᠪᠠᠶᠠᠷᠯᠠᠬᠤ | ᠮᠥᠷᠲᠡᠭᠡᠨ ᠵᠣᠪᠠᠨᠢᠨ᠎ᠠ︾᠃ ᠶᠡᠷᠦᠩᠬᠡᠢ ᠱᠦᠵᠢ ᠰᠢ ᠶᠢᠨ ᠫᠢᠩ ᠭᠦᠨᠵᠡᠭᠡᠢ ᠰᠡᠳᠬᠢᠨ ᠪᠣᠳᠣᠯᠬᠢᠯᠠᠵᠤ᠂ ︽ | ᠪᠠᠶᠠᠷᠯᠠᠭᠤᠰᠢᠲᠠᠢ ᠨᠢ᠂ ᠮᠠᠨ ᠤ ᠡᠨᠡ ᠬᠦ ᠠᠵᠢᠯ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ ᠪᠤᠢ︔ ᠵᠣᠪᠠᠨᠢᠬᠤ ᠨᠢ᠂ | ᠶᠡᠭᠡ ᠪᠠᠷ ᠳᠡᠪᠵᠢᠶᠡᠷᠡᠨ᠂ ᠤᠷᠢᠳ ᠢᠶᠠᠷ ᠳᠦᠷᠬᠢᠷᠡᠲᠡᠯ᠎ᠡ ᠬᠥᠳᠡᠯᠦᠯᠴᠡᠵᠦ᠂ ᠬᠠᠮᠤᠭ ᠤᠨ ᠰᠡᠭᠦᠯ ᠳᠤ ᠳᠦᠷᠬᠢᠷᠡᠲᠡᠯ᠎ᠡ | ᠲᠠᠷᠬᠠᠬᠤ ᠶᠠᠪᠤᠳᠠᠯ ᠪᠤᠯᠬᠤ ᠠᠴᠠ ᠠᠶᠤᠵᠤ ᠪᠤᠢ︾ ᠭᠡᠵᠡᠢ᠃ | ᠪᠦᠭᠦ ᠲᠠᠯ᠎ᠠ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ᠠᠯᠤᠰ ᠭᠡᠳᠦ ᠶᠢ ᠪᠣᠳᠣᠯᠬᠢᠯᠠᠪᠠᠯ ᠰᠠᠶ᠋ᠢ ᠬᠥᠭᠵᠢᠯᠲᠡ ᠶᠢᠨ | ᠠᠵᠠ ᠲᠣᠭᠢᠶᠠᠯ ᠢ ᠠᠮᠵᠢᠵᠤ᠂ ᠵᠠᠭᠤᠨ ᠵᠢᠯ ᠤᠨ ᠬᠠᠭᠤᠴᠢᠨ ᠳᠡᠯᠭᠡᠭᠦᠷ ᠢ ᠪᠦᠲᠦᠭᠡᠵᠦ ᠴᠢᠳᠠᠨ᠎ᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ | ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠳᠠᠰᠤᠷᠠᠯᠳᠠ ᠦᠭᠡᠢ ᠳᠡᠭᠡᠭᠰᠢᠯᠡᠵᠦ᠂ ᠠᠷᠠᠳ ᠤᠨ ᠠᠮᠢᠳᠤᠷᠠᠯ ᠤᠨ | ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ | ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ ᠪᠠᠶᠠᠯᠢᠭ ᠤᠨ ᠲᠤᠭ᠎ᠠ ᠯᠤᠲᠤ ᠶᠡᠭᠡ᠂ ᠬᠡᠪ | ᠪᠣᠯᠪᠠᠰᠤᠷᠠᠯ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ | ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ | ᠮᠠᠰᠢ ᠤᠯᠠᠨ ᠰᠢᠨ᠎ᠡ ᠠᠵᠠ ᠲᠣᠭᠢᠶᠠᠯ ᠣᠯᠭᠤᠵᠤ᠂ ᠨᠡᠩ ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ ᠭᠡᠵᠦ | ᠵᠢᠭᠠᠵᠤ ᠭᠠᠷᠭᠠᠪᠠ᠃ | ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠡᠷᠴᠢ ᠬᠦᠴᠦᠨ ᠢᠶᠠᠨ ᠴᠢᠩᠭᠠᠷᠠᠭᠤᠯᠵᠤ᠂ | ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠨ᠎ᠠ᠃ | ᠬᠡᠬᠦᠳᠡᠭ ᠳᠦᠭᠦᠷᠡᠩ ᠦᠢᠯᠡᠰ ᠪᠣᠰᠬᠠᠬᠤ ᠵᠣᠷᠢᠭ ᠰᠠᠨᠠᠭ᠎ᠠ ᠪᠠ ᠡᠬᠡ ᠤᠯᠤᠰ ᠤᠨ ᠢᠶᠠᠨ ᠲᠥᠯᠥᠭᠡ ᠵᠢᠳᠬᠦᠬᠦ | ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠢᠳᠠᠮᠠᠭᠠᠢ ᠪᠠᠷ | ᠠᠵᠢᠯᠯᠠᠨ ᠴᠢᠳᠠᠮᠠᠭᠠᠢ ᠪᠠᠷ ᠪᠦᠲᠦᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠯᠠᠪᠲᠠᠢ ᠬᠠᠪᠤᠷ ᠤᠨ ᠰᠠᠯᠬᠢᠨ ᠤ ᠡᠷᠴᠢᠨ ᠳᠤ ᠮᠢᠩᠭᠠᠨ ᠳᠠᠷᠪᠠᠭᠤᠯ ᠮᠥᠴᠡᠭᠡᠷᠬᠡᠨ | ᠤᠷᠤᠭᠰᠢᠯᠠᠨᠠᠮ᠃ |