ᠠᠵᠢᠯᠯᠠᠭ᠎ᠠ ᠠᠴᠠ ᠡᠮᠦᠨ᠎ᠡ ᠨᠡᠶᠢᠭᠡᠮ ᠲᠣᠭᠤᠷᠢᠭ ᠨᠢ ︽ᠲᠤᠤᠷᠵᠢᠯ ᠤᠨ ᠸᠢᠴᠠᠲ ᠴᠤᠬᠯᠠᠷᠠᠯ + ᠢᠯᠡ | ᠨᠡᠶᠢᠲᠡᠯᠡᠬᠦ ᠪᠤᠯᠤᠩ + ᠡᠭᠦᠳᠡ ᠲᠣᠭᠰᠢᠬᠤ ᠠᠵᠢᠯᠯᠠᠭ᠎ᠠ︾ ᠵᠡᠷᠬᠡ ᠭᠤᠷᠪᠠᠨ ᠠᠯᠬᠤᠮ ᠤᠨ ᠠᠷᠭ᠎ᠠ ᠪᠠᠷ ᠭᠠᠭᠴᠠᠭᠠᠷ | ᠰᠠᠭᠤᠭ᠎ᠠ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠲᠤ ᠠᠵᠢᠯᠯᠠᠭ᠎ᠠ ᠬᠢᠬᠦ ᠴᠠᠭ ᠪᠠ ᠭᠠᠵᠠᠷ ᠢ | ᠮᠡᠳᠡᠭᠳᠡᠵᠤ᠂ ᠨᠡᠶᠢᠲᠡ 80 ᠭᠠᠷᠤᠶ ᠵᠤᠷᠪᠤᠰ ᠴᠡᠬᠢᠮ ᠮᠡᠳᠡᠭᠡ ᠶᠢ ᠲᠠᠮᠵᠢᠭᠤᠯᠵᠤ᠂ 3000 ᠭᠠᠷᠤᠶ ᠣᠯᠠᠨ | ᠲᠦᠮᠡᠨ ᠳᠤ ᠠᠰᠢᠭ ᠬᠦᠷᠲᠡᠭᠡᠪᠡ᠃ 2 ᠰᠠᠷ᠎ᠠ ᠶᠢᠨ 17 ᠤ ᠡᠳᠦᠷ ᠠᠴᠠ 2 ᠰᠠᠷ᠎ᠠ ᠶᠢᠨ 21 ᠤ ᠡᠳᠦᠷ ᠪᠣᠯᠲᠠᠯ᠎ᠠ᠂ | ᠬᠥᠨᠳᠡᠯᠡᠨ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠩᠭᠢ 280 ᠭᠠᠷᠤᠶ ᠰᠠᠭᠤᠭᠠᠯᠢ | ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠵᠡᠷᠭᠡ 10 ᠭᠠᠷᠤᠶ ᠵᠦᠶᠯ ᠤᠨ ᠪᠠᠶᠢᠴᠠᠭᠠᠯᠲᠠ ᠬᠢᠵᠦ ᠦᠭᠬᠦᠨ᠂ | ︽ᠪᠡᠶ᠎ᠡ ᠶᠢᠨ ᠪᠠᠶᠢᠴᠠᠭᠠᠯᠲᠠ + ᠠᠯᠪᠠᠨ ᠵᠢᠷᠤᠮ ᠤᠨ ᠡᠮᠴᠢᠯᠡᠭᠡ︾ ᠶᠢᠨ ᠵᠠᠭᠪᠤᠷ ᠤᠨ ᠰᠢᠨ᠎ᠡ ᠶᠢ ᠡᠭᠦᠳᠴᠦ᠂ | ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠠᠷᠬᠠᠭ ᠡᠪᠡᠳᠴᠢᠨ ᠤ ᠡᠷᠡᠭᠦᠯ ᠮᠡᠨᠳᠦ ᠶᠢᠨ ᠲᠤᠬᠠᠢ 52 | ᠭᠠᠷᠤᠶ ᠬᠤᠪᠢ ᠵᠤᠷ ᠪᠢᠴᠢᠵᠦ ᠥᠭᠪᠡ᠃ ᠰᠢᠭᠰᠢᠨ ᠪᠠᠶᠢᠴᠠᠭᠠᠯᠲᠠ ᠳᠤ 160 ᠡᠷᠡᠭᠦᠯ ᠮᠡᠨᠳᠤ ᠶᠢᠨ ᠠᠰᠠᠭᠤᠳᠠᠯ | ᠲᠠᠢ ᠰᠠᠭᠤᠭᠠᠯᠢ ᠠᠷᠠᠳ ᠢ ᠢᠯᠡᠷᠡᠭᠦᠯᠵᠤ ᠂ ᠨᠡᠶᠢᠭᠡᠮ ᠲᠣᠭᠤᠷᠢᠭ ᠤᠨ ᠬᠢᠨ ︽ᠤᠯᠠᠭᠠᠨ ᠰᠢᠷ᠎ᠠ ᠬᠥᠬᠡ︾ ᠭᠤᠷᠪᠠᠨ | ᠥᠩᠭᠡ ᠶᠢᠨ ᠰᠡᠷᠡᠮᠵᠢᠯᠡᠭᠦᠯᠬᠦ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ ︽ | ᠡᠷᠡᠭᠦᠯ ᠡᠩᠬᠡ ᠶᠢᠨ ᠰᠥᠨᠢ ᠶᠢᠨ ᠰᠤᠷᠭᠠᠭᠤᠯᠢ︾᠂ ᠬᠡᠷ ᠪᠦᠯᠢ ᠶᠢᠨ ᠡᠮᠴᠢ ᠶᠢᠨ ᠦᠶᠯᠡᠴᠢᠯᠡᠭᠡᠨ ᠤ ᠴᠡᠭ ᠢᠶᠠᠷ | ᠳᠠᠮᠵᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃ ︵ᠠᠨᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |