ᠬᠥᠨᠳᠡᠯᠡᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ︽ᠭᠤᠷᠪᠠ ᠶᠢ ᠴᠢᠩᠭᠠᠳᠬᠠᠵᠤ︾ ᠰᠤᠷᠭᠠᠭᠤᠯᠢ ᠡᠬᠢᠯᠡᠬᠦ ᠬᠤᠭᠤᠴᠠᠭᠠᠨ ᠳᠠᠬᠢ ᠠᠮᠤᠷ ᠲᠦᠪᠰᠢᠨ ᠢ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2025/3/6
    ᠨᠢᠭᠡ ᠳᠤ᠂ ᠬᠤᠲᠠ ᠶᠢᠨ ᠳᠦᠷᠢ ᠲᠥᠷᠬᠦ ᠶᠢ ᠴᠡᠭᠴᠡᠯᠡᠨ ᠵᠠᠰᠠᠬᠤ ᠶᠢ ᠴᠢᠩᠭᠠᠳᠬᠠᠪᠠ᠃ 15 ᠭᠠᠵᠠᠷ ᠲᠤ ︽ᠰᠤᠷᠤᠬᠴᠢᠳ ᠢ ᠬᠠᠮᠠᠭᠠᠯᠠᠬᠤ ᠠᠵᠢᠯ ᠤᠨ ᠪᠠᠶᠢᠷᠢ︾ ᠭᠠᠷᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠪᠠ ᠰᠤᠷᠭᠠᠭᠤᠯᠢ ᠬᠠᠮᠲᠤᠷᠠᠨ ︽ᠣᠷᠭᠢᠯ ᠤᠨ ᠦᠶ᠎ᠡ ᠳᠤ ᠵᠢᠵᠢᠭᠦᠷᠯᠡᠨ ᠰᠠᠬᠢᠬᠤ + ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠲᠣᠭᠤᠷᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠵᠦ᠂ ᠵᠠᠮ ᠡᠵᠡᠯᠡᠨ ᠡᠵᠡᠩᠨᠡᠬᠦ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠬᠤ ᠵᠡᠷᠭᠡ ᠦᠶᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠪᠠ᠃ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠠᠮᠠᠯᠠᠯᠲᠠ ᠶᠢᠨ ᠪᠢᠴᠢᠭ ᠢ ᠨᠡᠶᠢᠲᠡ 100ᠬᠤᠪᠢ ᠲᠤᠬᠳᠠᠵᠤ᠂ 80 ᠭᠠᠷᠤᠶ ᠭᠠᠵᠠᠷ  ᠲᠠᠬᠢ ᠨᠡᠭᠦᠳᠡᠯ ᠳᠡᠯᠭᠡᠭᠡ ᠮᠠᠶᠢᠮᠠᠶ ᠶᠢ ᠵᠢᠷᠤᠮᠵᠢᠭᠤᠯᠵᠤ᠂ 70 ᠭᠠᠷᠤᠶ  ᠭᠠᠵᠠᠷ ᠲᠠᠬᠢ ᠵᠠᠮ ᠡᠵᠡᠯᠡᠨ ᠡᠵᠡᠩᠨᠡᠯᠲᠡ ᠬᠢᠵᠤ ᠪᠠᠶᠢᠬᠰᠠᠨ ᠪᠠᠶᠢᠳᠠᠯ ᠢ ᠰᠢᠢᠳᠪᠦᠷᠢᠯᠡᠵᠤ᠂  ᠲᠤᠬᠳᠠᠭᠠᠯ ᠠᠴᠠ ᠵᠦᠷᠢᠴᠡᠨ ᠵᠤᠬᠰᠤᠬᠰᠠᠨ 50 ᠲᠡᠷᠭᠡ ᠶᠢ ᠢᠳᠬᠠᠨ ᠶᠠᠪᠤᠭᠤᠯᠵᠤ  ᠂ ᠲᠦᠷᠢᠮ ᠠᠴᠠ ᠵᠦᠷᠢᠴᠡᠨ ᠵᠠᠷ ᠮᠡᠳᠡᠭᠡ ᠲᠠᠷᠬᠠᠭᠠᠭᠰᠠᠨ 20 ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠬᠤᠶᠠᠷ ᠲᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠶᠢ ᠴᠢᠩᠭᠠᠳᠬᠠᠪᠠ᠃ ︽ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠠᠵᠢᠯᠯᠠᠬᠤ +  ᠲᠣᠭᠤᠷᠢᠨ ᠪᠠᠶᠢᠴᠠᠭᠠᠬᠤ︾ ᠵᠠᠭᠪᠤᠷ ᠢ ᠬᠡᠷᠡᠭᠯᠡᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠨᠡᠶᠢᠲᠡ 200 ᠵᠠᠷ ᠮᠡᠳᠡᠭᠡ᠂ 40 ᠭᠠᠵᠠᠷ ᠲᠠᠬᠢ ᠬᠤᠭ ᠨᠣᠪᠰᠢ ᠶᠢ ᠲᠤᠷ᠎ᠠ ᠪᠠᠷ ᠣᠪᠣᠭᠠᠯᠠᠭᠰᠠᠨ ᠪᠠᠶᠢᠳᠠᠯ ᠢ ᠴᠡᠪᠡᠷᠯᠡᠨ ᠠᠷᠢᠯᠭᠠᠵᠤ᠂ ︽ᠰᠤᠷᠭᠠᠭᠤᠯᠢ ᠶᠢᠨ ᠬᠦᠷᠢᠶᠡᠨ ᠳᠤ ᠬᠤᠲᠠ ᠶᠢᠨ ᠳᠦᠷᠢ ᠲᠥᠷᠬᠦ ᠶᠢ ᠬᠠᠮᠠᠭᠠᠯᠠᠬᠤ ᠬᠠᠤᠯᠢ ᠲᠣᠭᠲᠠᠭᠠᠯ ᠢ ᠤᠬᠠᠭᠤᠯᠬᠤ︾ ᠠᠵᠢᠯᠯᠠᠭ᠎ᠠ ᠶᠢ 3 ᠲᠠᠯᠠᠪᠠᠢ ᠥᠷᠨᠢᠭᠦᠯᠵᠦ᠂ 500 ᠭᠠᠷᠤᠶ ᠪᠠᠭᠰᠢ ᠰᠤᠷᠤᠭᠴᠢᠳ ᠢ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠭᠤᠯᠪᠠ᠃ ᠭᠤᠷᠪᠠ ᠳᠤ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠪᠠ᠃ ︽ᠭᠤᠷᠪᠠ ᠶᠢ ᠨᠢᠭᠡ ᠴᠣᠭᠴᠠᠵᠢᠭᠤᠯᠬᠤ︾ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠤᠳᠳᠤᠭ ᠤᠨ ᠲᠠᠬᠯᠠᠭ᠎ᠠ᠂ ᠭᠠᠯ ᠤᠨᠲᠠᠷᠠᠭᠠᠬᠤ ᠰᠠᠭᠠᠳ ᠦᠭᠡᠢ ᠨᠡᠪᠲᠡᠷᠡᠬᠦ ᠵᠠᠮ ᠵᠡᠷᠭᠡ ᠶᠢᠨ ᠠᠮᠤᠷ ᠲᠦᠪᠰᠢᠨ ᠤ ᠬᠡᠮ ᠰᠤᠭᠤᠭ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ 10  ᠭᠠᠵᠠᠷ  ᠲᠠᠬᠢ ᠲᠣᠭᠲᠠᠭᠠᠯ ᠢ ᠵᠥᠷᠢᠴᠡᠨ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠭᠰᠡᠨ ᠪᠠᠶᠢᠳᠠᠯ ᠢ ᠰᠢᠢᠳᠪᠦᠷᠢᠯᠡᠵᠤ᠂ ᠨᠡᠬᠦᠳᠡᠯ ᠲᠡᠯᠬᠡᠬᠡ ᠮᠠᠶᠢᠮᠠᠢ ᠬᠢᠵᠤ ᠪᠠᠶᠢᠬᠰᠠ 30 ᠭᠠᠷᠤᠶ ᠬᠥᠮᠦᠨ ᠤᠳᠠᠭ᠎ᠠ ᠶᠢ ᠢᠳᠬᠠᠨ ᠲᠤᠬᠳᠠᠬᠰᠠᠨ ᠭᠠᠵᠠᠷ ᠲᠤ ᠤᠴᠢᠭᠤᠯᠵᠤ ᠡᠵᠡᠩᠨᠡᠬᠦᠯᠦᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号