ᠬᠤ᠋ ᠴᠢᠶᠠᠩ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠴᠦ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2025/3/6
     ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠷ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤ᠋ ᠴᠢᠶᠠᠩ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠤᠯᠢ ᠶᠢ ᠰᠠᠬᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠭᠦᠨᠵᠡᠭᠡᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠥᠨᠳᠡᠯᠡᠨ ᠲᠣᠭᠤᠷᠢᠭ᠂ ᠬᠠᠤᠯᠢᠵᠢᠯ ᠤᠨ ᠬᠥᠨᠳᠡᠯᠡᠨ ᠲᠣᠭᠤᠷᠢᠭ ᠢ ᠴᠢᠷᠮᠠᠶᠢᠨ ᠪᠠᠶᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠬᠡᠪᠡ᠃      ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠵᠠᠩ ᠬᠤᠸᠠ᠂ ᠰᠤ᠋ ᠵᠢᠶᠦ᠋ᠨ᠂ ᠾᠧ ᠰᠢᠨ᠂ ᠯᠢᠦ ᠡᠾᠦ᠋ᠢ᠂ ᠯᠢᠦ ᠵᠢᠶᠦ᠋ᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠢᠦ ᠵᠢᠩ ᠬᠠᠨ᠂ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号