2 ᠰᠠᠷ᠎ᠠ ᠶᠢᠨ 24 ᠤ ᠡᠳᠦᠷ ᠬᠥᠨᠳᠡᠯᠡᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠤᠨ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ ︽ᠲᠤᠬᠠᠶ ᠶᠢᠨ | ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ + ᠰᠦᠯᠵᠢᠶᠡᠨ ᠤ ᠰᠢᠭᠤᠳ ᠨᠡᠪᠲᠡᠷᠡᠭᠦᠯᠬᠡ︾ ᠬᠡᠬᠦ ᠬᠤᠤᠰ ᠵᠠᠭᠪᠤᠷ ᠢ | ᠬᠡᠷᠡᠭᠯᠡᠨ᠂ 15 ᠰᠤᠷᠭᠠᠭᠤᠯᠢ ᠳᠤ ᠬᠦᠷᠴᠦ ︽ᠠᠶᠤᠯ ᠲᠦᠭᠰᠢᠭᠦᠷᠢ ᠶᠢ ᠮᠡᠳᠡᠵᠦ ᠠᠪᠬᠤ ᠠᠶᠤᠯ ᠠᠴᠠ ᠵᠠᠶᠢᠯᠠᠵᠤ ᠴᠢᠳᠠᠬᠤ︾ | ᠭᠤᠤᠯ ᠰᠡᠳᠦᠪᠲᠦ ᠤᠬᠠᠭᠤᠯᠭ᠎ᠠ ᠶᠢ ᠥᠷᠨᠢᠭᠦᠯᠵᠦ᠂ ᠪᠠᠭᠰᠢ ᠰᠣᠷᠣᠭᠴᠢ ᠨᠠᠶᠢᠳᠠ 1000 ᠭᠠᠷᠤᠶ ᠬᠥᠮᠦᠨ ᠤᠳᠠᠭ᠎ᠠ ᠳᠤ | ᠤᠬᠠᠭᠤᠯᠭ᠎ᠠ ᠬᠦᠷᠳᠡᠬᠡᠪᠡ᠃ ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠠᠴᠠ ᠶᠠᠪᠠᠭᠠᠨ ᠶᠠᠪᠤᠬᠤ᠂ ᠳᠤᠭᠤᠶ ᠤᠨᠤᠬᠤ᠂ | ᠲᠡᠷᠭᠡᠨ ᠳᠤ ᠰᠠᠭᠤᠬᠤ ᠵᠡᠷᠭᠡ ᠶᠠᠪᠤᠵᠤ ᠰᠠᠭᠤᠬᠤ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠬᠠᠷᠢᠶ᠎ᠠ ᠣᠷᠣᠨ ᠳᠤ | ᠡᠬᠦᠰᠦᠭᠰᠡᠨ ᠵᠠᠮ ᠬᠠᠷᠢᠯᠴᠠᠭᠠᠨ ᠤ ᠠᠳᠡᠯ ᠤᠨ ᠬᠡᠷᠡᠭ ᠲᠠᠢ ᠤᠶᠠᠯᠳᠤᠭᠤᠯᠤᠨ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠬᠡᠨ | ᠲᠡᠬᠡᠷ᠎ᠡ ᠬᠠᠤᠯᠢ ᠲᠤᠬᠳᠠᠭᠠᠯ ᠠᠴᠠ ᠵᠥᠷᠢᠴᠡᠨ ᠬᠥᠮᠦᠨ ᠰᠠᠭᠤᠯᠭᠠᠬᠤ᠂ ᠠᠮᠤᠷ ᠲᠦᠪᠰᠢᠨ ᠤ ᠮᠠᠯᠠᠭᠠᠢ ᠵᠡᠭᠦᠭᠰᠡᠨ ᠥᠬᠡᠶ | ᠵᠡᠷᠭᠡ ᠦᠶᠯᠡ ᠠᠵᠢᠯᠯᠠᠭ᠎ᠠ ᠶᠢᠨ ᠬᠤᠤᠷ ᠬᠥᠨᠥᠭᠡᠯ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ︽ᠠᠮᠤᠷ ᠲᠦᠪᠰᠢᠨ ᠤ ᠮᠠᠯᠠᠭᠠᠢ | ᠠᠮᠤᠷ ᠲᠦᠪᠰᠢᠨ ᠤ ᠪᠦᠰᠡ︾ ᠶᠢ ᠵᠢᠷᠤᠮᠵᠢᠭᠤᠯᠤᠨ ᠬᠡᠷᠡᠭᠯᠡᠬᠦ ᠠᠷᠭ᠎ᠠ ᠶᠢ ᠪᠤᠳᠠᠳᠠᠢ ᠬᠢᠵᠤ ᠦᠵᠡᠭᠦᠯᠪᠡ᠃ ᠲᠤᠬᠠᠶ ᠶᠢᠨ | ᠲᠠᠯᠠᠪᠠᠶ ᠳᠤ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠭᠠᠷ | ᠠᠪᠤᠯᠭ᠎ᠠ︾ ᠶᠢ 700 ᠭᠠᠷᠤᠶ ᠬᠤᠪᠢ ᠲᠠᠷᠬᠠᠭᠠᠭᠰᠠᠨ ᠪᠥᠭᠡᠳ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ | ᠲᠠᠪᠴᠠᠩ ᠢᠶᠠᠷ ᠲᠠᠮᠵᠢᠭᠤᠯᠤᠨ ᠡᠳᠡᠬᠡᠷ ᠠᠭᠤᠯᠭ᠎ᠠ ᠶᠢ ᠵᠡᠷᠭᠡ ᠪᠠᠷ ᠰᠢᠭᠤᠳ ᠨᠡᠪᠲᠡᠷᠡᠭᠦᠯᠵᠦ᠂ 5000 ᠭᠠᠷᠤᠶ ᠬᠥᠮᠦᠨ | ᠤᠳᠠᠭ᠎ᠠ ᠰᠢᠭᠤᠳ ᠨᠡᠪᠳᠡᠷᠡᠬᠦᠯᠭᠡ ᠶᠢ ᠦᠵᠡᠵᠦ᠂ 200 ᠭᠠᠷᠤᠶ ᠵᠤᠷᠪᠤᠰ ᠦᠭᠡ ᠦᠯᠡᠳᠡᠭᠡᠵᠡᠶ᠃ ︵ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠶᠡᠭᠡ ᠠᠩᠭᠢ︶ |