ᠬᠥᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠵᠦ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2025/3/6
    1 ᠰᠠᠷ᠎ᠠ ᠶᠢᠨ 24 ᠤ ᠡᠳᠦᠷ ᠠᠴᠠ 2 ᠰᠠᠷ᠎ᠠ ᠶᠢᠨ 21 ᠤ ᠡᠳᠦᠷ ᠪᠣᠯᠲᠠᠯ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ︽ᠰᠤᠷᠤᠯᠭ᠎ᠠ ᠡᠬᠢᠯᠡᠬᠦ ᠤᠯᠠᠷᠢᠯ ᠢ ᠰᠠᠬᠢᠨ ᠬᠠᠮᠠᠭᠠᠯᠠᠬᠤ︾ ᠲᠤᠰᠬᠠᠶ    ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠰᠤᠷᠭᠠᠭᠤᠯᠢ ᠶᠢᠨ ᠬᠤᠭᠤᠯᠠᠨ ᠭᠡᠷ ᠤᠨ ᠲᠦᠭᠦᠬᠡᠶ ᠮᠠᠲ᠋ᠧᠷᠢᠶᠠᠯ ᠢ ᠬᠤᠳᠠᠯᠳᠤᠨ ᠠᠪᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ︽ᠭᠤᠷᠪᠠ ᠶᠢ ᠰᠡᠷᠭᠡᠶᠢᠯᠡᠬᠦ︾ ᠲᠤᠨᠤᠭ ᠲᠦᠬᠦᠭᠡᠷᠦᠮᠵᠢ᠂    ᠦᠨᠡᠮᠯᠡᠯ ᠪᠠ ᠫᠢᠶᠣᠣ ᠪᠠᠷᠢᠮᠲᠠ ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠢᠳᠡᠭᠡᠨ ᠤ ᠦᠯᠢᠭᠡᠷ ᠶᠠᠩᠵᠤ ᠶᠢ ᠦᠯᠡᠳᠡᠭᠡᠭᠰᠡᠨ ᠡᠰᠡᠬᠦ᠂ ︽ᠢᠨᠲ᠋ᠧᠷ ᠰᠦᠯᠵᠢᠶ᠎ᠡ + ᠢᠯᠡ ᠲᠣᠭᠤᠭᠠᠨ ᠭᠡᠷ︾ ᠤᠨ ᠠᠵᠢᠯᠯᠠᠭᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠰᠤᠷᠭᠠᠭᠤᠯᠢ ᠶᠢ ᠱᠠᠯᠠᠪᠳᠠᠭᠤᠯᠵᠤ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠬᠡᠨ ᠤ ᠬᠦᠷᠢᠶ᠎ᠡ ᠴᠠᠷᠠᠭ᠎ᠠ ᠳᠤ ᠠᠵᠢᠯᠯᠠᠭᠰᠠᠳ ᠤᠨ ᠡᠷᠡᠭᠦᠯ ᠴᠢᠭᠢᠷᠠᠭ ᠤᠨ ᠪᠠᠶᠢᠳᠠᠯ ᠢ ᠬᠢᠨᠠᠨ ᠰᠢᠨᠵᠢᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠪᠠ᠃ ᠨᠡᠶᠢᠲᠡ 339 ᠨᠠᠶᠢᠳᠠᠨ ᠬᠠᠮᠢᠶᠠᠷᠤᠭᠤᠯᠬᠤ ᠠᠩᠭᠢ᠂ 102 ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ᠂ ᠣᠶᠢᠷ᠎ᠠ ᠬᠠᠪᠢ ᠶᠢᠨ 67 ᠡᠷᠦᠬᠡ ᠢᠳᠡᠭᠡᠨ ᠤᠮᠳᠠᠭᠠᠨ ᠤ ᠭᠠᠵᠠᠷ᠂ ᠰᠤᠷᠭᠠᠭᠤᠯᠢ ᠶᠢᠨ ᠭᠠᠳᠠᠨᠠᠬᠢ 2 ᠬᠤᠭᠤᠯᠠ ᠬᠠᠩᠭᠠᠬᠤ ᠨᠢᠭᠡᠴᠢ ᠶᠢ ᠪᠠᠶᠢᠴᠠᠭᠠᠵᠤ᠂ 17 ᠭᠠᠵᠠᠷ ᠲᠤ ᠠᠰᠠᠭᠤᠳᠠᠯ ᠢ ᠢᠯᠡᠷᠡᠭᠦᠯᠵᠦ᠂ ᠣᠳᠣᠬᠠᠨ ᠳᠤ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号