ᠬᠤ᠋ ᠴᠢᠶᠠᠩ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/1
    3 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠺᠦᠨ ᠪᠸᠢ ᠪᠠᠷᠠᠭᠤᠨ ᠵᠠᠮ ᠤᠨ ᠪᠦᠲᠦᠭᠡᠨ ᠪᠠᠶᠢᠭᠤᠯᠤᠯᠲᠠ᠂ ᠶᠦᠨ ᠯᠦ ᠬᠤᠸᠠ ᠹᠦ᠋ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠪᠡ᠃     ᠬᠤ᠋ ᠴᠢᠶᠠᠩ᠂ ᠪᠦᠬᠦ ᠬᠦᠴᠦ ᠪᠠᠷ ᠢᠶᠠᠨ ᠴᠢᠷᠮᠠᠶᠢᠵᠤ᠂ ᠬᠦᠴᠦ ᠪᠠᠨ ᠲᠥᠪᠯᠡᠷᠡᠭᠦᠯᠦᠨ᠂ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠦᠪᠳᠡᠯᠴᠡᠵᠦ ᠪᠠᠶᠢᠭ᠎ᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠪᠤᠳᠠᠳᠠᠢ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠠᠷᠢᠶ᠎ᠠ ᠣᠷᠣᠨ ᠤ ᠪᠠᠨ ᠤᠳᠤ ᠪᠠᠶᠢᠭ᠎ᠠ ᠪᠠᠷᠢᠯᠭ᠎ᠠ᠂ ᠳᠣᠣᠷ᠎ᠠ ᠠᠰᠢᠬᠯᠠᠮᠵᠢᠳᠤ ᠭᠠᠵᠠᠷ ᠰᠢᠷᠣᠢ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠪᠦᠷᠢᠳᠬᠡᠨ ᠡᠮᠬᠢᠯᠡᠵᠦ᠂ ᠪᠣᠳᠠᠲᠠᠢ ᠲᠠᠢ ᠤᠶᠠᠯᠳᠤᠭᠤᠯᠤᠨ ᠣᠷᠣᠭᠤᠯᠤᠨ ᠠᠪᠴᠢᠷᠠᠬᠤ ᠪᠠᠨ ᠴᠢᠩᠭᠠᠳᠬᠠᠵᠤ᠂ ᠠᠯᠢ ᠲᠦᠷᠭᠡᠨ ᠢᠶᠠᠷ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠲᠡᠢ᠃ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠡᠮᠬᠢ ᠵᠢᠷᠤᠮ ᠲᠠᠢ ᠰᠢᠶᠳᠪᠦᠷᠢᠯᠡᠵᠦ᠂ ᠬᠤᠲᠠ ᠶᠢᠨ ᠶᠠᠪᠤᠳᠠᠯ ᠤᠨ ᠲᠤᠨᠤᠭ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠢᠯᠡᠳᠦᠯ ᠴᠢᠳᠠᠮᠵᠢ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠬᠡᠵᠡᠢ᠃     ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠡᠤ ᠱᠧᠨ ᠮᠦᠸᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号