ᠠᠷᠪᠠᠨ ᠬᠤᠶᠠᠳᠤᠭᠠᠷ ᠬᠤᠭᠤᠴᠠᠭᠠᠨ ᠤ ᠬᠥᠨᠳᠡᠯᠡᠨ ᠲᠣᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/10
    4 ᠰᠠᠷ᠎ᠠ ᠶᠢᠨ 8 ᠤ ᠡᠳᠦᠷ᠂ ᠬᠥᠨᠳᠡᠯᠡᠨ ᠲᠣᠭᠤᠷᠢᠭ ᠠᠷᠪᠠᠨ ᠬᠤᠶᠠᠳᠤᠭᠠᠷ ᠬᠤᠭᠤᠴᠠᠭᠠᠨ ᠤ ᠬᠦᠨᠳᠡᠯᠡᠨ  ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠤ᠋ ᠲᠢᠩ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠬᠦ ᠺᠠᠳ᠋ᠷ᠂ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠣᠭᠤᠷᠢᠨ ᠪᠠᠶᠢᠴᠠᠭᠠᠭᠳᠠᠬᠤ ᠬᠤᠯᠪᠣᠭᠳᠠᠯ ᠪᠦᠬᠦᠢ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶᠠᠨ ᠤ ᠱᠦᠵᠢ ᠵᠢᠴᠢ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃     ᠬᠤᠷᠠᠯ ᠠᠴᠠ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠵᠢᠯᠴᠠᠨ ᠬᠤᠷᠰᠢᠯᠴᠠᠬᠤ ᠶᠢ ᠴᠢᠩᠭᠠᠳᠬᠠᠵᠤ᠂ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠵᠤ᠂ ᠲᠣᠭᠤᠷᠢᠨ ᠪᠠᠶᠢᠴᠠᠭᠠᠬᠤ ᠶᠢᠨ ᠳᠠᠭᠠᠤ ᠰᠢᠯᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠰᠢᠯᠢᠳᠡᠭ ᠰᠤᠷᠲᠠᠯ ᠢᠶᠠᠷ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠥᠨᠳᠡᠯᠡᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠢᠷᠠᠭᠤᠯᠤᠯᠲᠠ ᠶᠣᠰᠣᠭᠠᠷ᠂ ᠲᠤᠰ ᠡᠭᠡᠯᠵᠢ ᠳᠤ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ᠂ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠤᠪᠴᠢᠶ᠎ᠠ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠂ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ ᠶᠢ ᠠᠬᠢᠭᠤᠯᠬᠤ ᠲᠥᠪ᠂ ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠥᠪᠥᠷ ᠮᠣᠩᠭᠤᠯ ᠤᠨ ᠺᠦᠨ ᠯᠦᠨ ᠰᠢᠨ᠎ᠡ ᠬᠦᠭᠵᠢᠬᠦᠯᠦᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠯᠢᠶᠠᠨ ᠳ᠋ᠠ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠵᠡᠷᠭᠡ 9 ᠰᠠᠯᠠᠭ᠎ᠠ ᠮᠥᠴᠢᠷ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠵᠤᠷᠰᠢᠯᠲᠦ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ︔ ᠪᠤᠷᠬᠠᠨᠲᠤ ᠪᠠᠯᠭᠠᠰᠤᠨ ᠤ ᠴᠠᠭᠠᠨ ᠬᠤᠳᠠ ᠲᠠᠪᠤᠳᠤᠭᠠᠷ ᠲᠣᠰᠬᠤᠨ᠂ ᠬᠦᠨᠳᠡᠯᠡᠨ ᠭᠤᠤᠯ ᠪᠠᠯᠭᠠᠰᠤᠨ ᠤ ᠾᠧ ᠫᠢᠩ ᠲᠣᠰᠬᠤᠨ᠂ ᠺᠦᠨ ᠪᠸᠢ ᠵᠡᠭᠡᠯᠢ ᠭᠤᠳᠤᠮᠵᠢ ᠶᠢᠨ ᠢᠦᠢ ᠴᠢᠤᠸᠠᠨ ᠼᠦᠨ ᠲᠣᠰᠬᠤᠨ ᠵᠡᠷᠭᠡ 3 ᠲᠣᠰᠬᠤᠨ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾  ᠠᠵᠢᠯ ᠥᠷᠨᠢᠭᠦᠯᠦᠨ᠎ᠡ︔ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠣᠷᠳᠣᠨ ᠤ ᠦᠶᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂  ᠲᠤᠭᠤᠷᠢᠭ ᠤᠨ ᠠᠵᠤ     ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠵᠡᠷᠭᠡ 5 ᠨᠢᠬᠡᠴᠢ ᠳᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠲᠣᠭᠤᠷᠢᠨ ᠪᠠᠶᠢᠴᠠᠭᠠᠵᠤ ︽ᠡᠷᠬᠢᠨ ᠬᠠᠷᠠᠬᠤ︾ ᠠᠵᠢᠯ ᠢ ᠥᠷᠨᠢᠭᠦᠯᠦᠨ᠎ᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号