ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠪᠦᠬᠦ ᠲᠤᠭᠤᠷᠢᠭ ᠤᠨ ᠺᠠᠳ᠋ᠷ ᠠᠵᠢᠯᠳᠠᠨ ᠠᠵᠢᠯᠴᠢᠨ ᠤ ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2025/4/12
    4 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠲᠤᠭᠤᠷᠢᠭ ᠤᠨ ᠺᠠᠳ᠋ᠷ ᠠᠵᠢᠯᠲᠠᠨ ᠤ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠲᠠᠶᠢᠯᠤᠮᠵᠢ ᠬᠢᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠭᠠᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃
    ᠰᠤᠷᠤᠯᠴᠠᠯᠭ᠎ᠠ ᠶᠢᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ ᠲᠦᠪᠰᠢᠨ ᠤ ᠲᠢᠩᠬᠢᠮ ᠤᠨ ᠤᠤᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠤᠤ ᠳ᠋ᠧ ᠯᠦᠩ ᠨᠥᠬᠦᠷ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠬᠤᠷᠠᠯ ᠳᠡᠭᠡᠷ᠎ᠡ᠂ ᠵᠢᠶᠤᠤ ᠳ᠋ᠧ ᠯᠦᠩ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠠᠭᠤᠯᠬᠤᠨ ᠠᠭᠤᠯᠤᠭᠳᠠᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠣᠳᠣᠬᠠᠨ ᠤ ᠤᠯᠤᠰ ᠤᠨ ᠠᠮᠤᠷ ᠲᠦᠪᠰᠢᠨ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠪᠠᠶᠢᠳᠠᠯ ᠢ ᠨᠠᠷᠢᠯᠢᠭ ᠲᠠᠨᠢᠯᠴᠠᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠰᠠᠨᠠᠯ ᠰᠠᠨᠠᠭᠤᠯᠭ᠎ᠠ ᠶᠢ ᠳᠤᠷᠠᠳᠴᠤ᠂ ᠤᠯᠤᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠣᠳᠠᠲᠠᠢ ᠵᠢᠯᠤᠭᠤᠳᠤᠯᠭ᠎ᠠ ᠬᠠᠩᠭᠠᠪᠠ᠃ ᠬᠢᠴᠢᠶᠡᠯ ᠤᠨ ᠠᠭᠤᠯᠭ᠎ᠠ ᠨᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ ᠪᠥᠬᠦ ᠲᠤᠭᠤᠷᠢᠭ ᠤᠨ ᠲᠡᠭᠡᠷ᠎ᠡ ᠲᠤᠤᠷ᠎ᠠ ᠱᠠᠲᠤᠨ ᠤ ᠬᠢᠨ ᠤ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠶ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ  ᠴᠢᠩᠭᠠᠳᠬᠠᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ     ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠵᠤ᠂ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠵᠦ᠂ ᠤᠨᠤᠯ ᠤᠨ ᠰᠤᠷᠤᠯᠴᠠᠯᠭ᠎ᠠ᠂ ᠨᠢᠭᠤᠴᠠ ᠶᠢ ᠬᠠᠮᠠᠭᠠᠯᠠᠬᠤ ᠪᠣᠯᠪᠠᠰᠤᠷᠠᠯ᠂ ᠰᠡᠷᠡᠮᠵᠢᠯᠡᠭᠦᠯᠬᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠢᠭᠤᠴᠠ ᠶᠢ ᠵᠠᠳᠠᠷᠠᠭᠤᠯᠬᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ     ᠬᠡᠷᠡᠭᠲᠡᠢ᠃ ᠡᠯ᠎ᠡ ᠬᠦᠷᠢᠶᠡᠨ ᠳᠤ ᠡᠬᠦᠰᠴᠤ ᠮᠡᠳᠡᠬᠦ ᠠᠶᠤᠯ ᠲᠦᠭᠰᠢᠭᠦᠷᠢ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠦᠢᠯ ᠤᠨ ᠴᠢᠩᠭ᠎ᠠ ᠬᠠᠷᠢᠭᠤᠴᠠᠬᠤ ᠣᠪᠣᠷ ᠢᠶᠠᠷ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠳᠡᠯ ᠡᠭᠦᠰᠬᠦ ᠶᠢ ᠡᠷᠡᠰ ᠬᠤᠷᠢᠭᠯᠠᠵᠤ᠂ ᠡᠭᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ ᠤ ᠤᠯᠤᠰ ᠤᠨ ᠠᠮᠤᠷ ᠲᠦᠪᠰᠢᠨ ᠤ ᠪᠠᠶᠢᠳᠠᠯ ᠢ ᠣᠨᠣᠪᠴᠢᠲᠠᠢ ᠡᠵᠡᠮᠳᠡᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠬᠠᠷᠢᠴᠠᠯᠠᠰᠢᠬᠦᠢ ᠦᠨᠡᠨᠴᠢ ᠰᠢᠳᠤᠷᠭᠤ᠂ ᠬᠠᠷᠢᠴᠠᠯᠠᠰᠢᠬᠦᠢ ᠨᠠᠶᠢᠳᠠᠪᠤᠷᠢᠲᠠᠢ᠂  ᠬᠠᠷᠢᠴᠠᠯᠠᠰᠢᠬᠦᠢ ᠮᠡᠷᠭᠡᠰᠢᠭᠰᠡᠨ᠂ ᠬᠠᠷᠢᠴᠠᠯᠠᠰᠢᠬᠦᠢ ᠰᠠᠬᠢᠯᠭ᠎ᠠ ᠪᠠᠲᠤ ᠶᠢ ᠰᠠᠬᠢᠬᠤ︾ ᠤᠯᠤᠰ ᠤᠨ ᠠᠮᠤᠷ ᠲᠦᠪᠰᠢᠨ ᠤ ᠠᠵᠢᠯ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ︽ᠰᠢᠬᠢᠷᠲᠦ ᠤᠨᠠᠭᠤᠯᠢ ᠶᠢ ᠢᠯᠡᠷᠡᠭᠦᠯᠦᠭᠰᠡᠨ ᠨᠢ︾᠂ ︽ ᠬᠡᠷ ᠬᠢᠭᠡᠳ ᠤᠯᠤᠰ ᠣᠷᠣᠨ ᠤ ᠬᠤᠷᠢᠭ᠎ᠠ ᠱᠤᠭᠤᠮ ᠢ ᠰᠠᠬᠢᠬᠤᠢ︾ ᠬᠡᠬᠦ ᠹᠢᠯᠢᠮ ᠢ ᠬᠠᠮᠲᠤ ᠪᠠᠷ ᠰᠣᠨᠢᠷᠬᠠᠪᠠ᠃      ᠪᠥᠬᠦ ᠲᠤᠭᠤᠷᠢᠭ ᠤᠨ ᠬᠤᠯᠪᠣᠭᠳᠠᠯ ᠪᠥᠬᠦᠶ ᠰᠢᠶᠠᠨ ᠤ ᠱᠠᠲᠤᠨ ᠤ ᠤᠳᠤᠷᠢᠳᠤᠯᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠵᠡᠭᠡᠯᠢ ᠭᠤᠳᠤᠮᠵᠢ ᠶᠢᠨ ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠮᠠᠨ ᠤ ᠲᠤᠭᠤᠷᠢᠭ ᠲᠤ ᠰᠠᠭᠤᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠺᠠᠳ᠋ᠷ ᠠᠵᠢᠯᠲᠠᠨ ᠲᠠᠶᠢᠯᠤᠮᠵᠢ ᠳᠤ ᠣᠷᠣᠯᠴᠠᠵᠠᠶ᠃ ︵ᠢᠷᠡᠯᠲᠡ᠄ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶ᠎ᠠ ᠶᠢᠨ ᠠᠯᠪᠠᠨ ᠬᠡᠷ  ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号