4 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠢ ᠵᠠᠨ ᠵᠢᠶᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ 6 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠ ᠪᠠᠭ᠎ᠠ ᠠᠵᠤ | ᠠᠬᠤᠶᠢᠯᠠᠯ ᠤᠨ ᠵᠣᠭᠤᠰ ᠢ ᠥᠭᠬᠦ ᠶᠢ ᠪᠠᠲᠤᠯᠠᠬᠤ ᠲᠦᠷᠢᠮ︾ ᠢ ᠲᠥᠪᠯᠡᠷᠡᠭᠦᠯᠦᠨ ᠰᠤᠷᠤᠯᠴᠠᠵᠤ᠂ ᠳᠤᠮᠳᠠ ᠪᠠᠭ᠎ᠠ | ᠠᠵᠤ ᠠᠬᠤᠶᠢᠯᠠᠯ ᠤᠨ ᠵᠣᠭᠤᠰ ᠢ ᠥᠭᠬᠦ ᠠᠵᠢᠯ ᠢ ᠰᠠᠶᠢᠲᠤᠷ ᠬᠢᠬᠦ ᠪᠣᠯ ︽ᠬᠤᠶᠠᠷ ᠢ ᠭᠤᠶᠢᠪᠢᠰᠢ ᠥᠬᠡᠶ | ᠪᠠᠷᠢᠮᠲᠠᠯᠠᠬᠤ︾᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ | ᠮᠥᠨ᠃ ᠦᠯᠡᠳᠡᠭᠳᠡᠵᠤ ᠪᠠᠶᠢᠭ᠎ᠠ ᠦᠷᠢ ᠶᠢ ᠶᠡᠬᠡᠪᠡᠷ ᠴᠡᠪᠡᠷᠯᠡᠨ ᠰᠢᠢᠳᠪᠦᠷᠢᠯᠡᠵᠤ᠂ ᠲᠥᠷᠥ ᠶᠢᠨ ᠪᠣᠳᠣᠯᠭ᠎ᠠ᠂ ᠪᠡᠯᠡ | ᠮᠥᠩᠭᠦ᠂ ᠡᠳ᠋ ᠬᠥᠷᠥᠩᠭᠡ ᠪᠣᠯᠤᠨ ᠡᠬᠢ ᠪᠠᠶᠠᠯᠢᠭ ᠢ ᠨᠢᠭᠡᠳᠦᠯᠳᠡᠢ ᠲᠦᠯᠦᠪᠵᠢᠬᠦᠯᠦᠨ ᠰᠠᠶᠢᠲᠤᠷ ᠬᠡᠷᠡᠭᠯᠡᠵᠦ᠂ | ᠦᠯᠡᠳᠡᠭᠳᠡᠯ ᠠᠰᠠᠭᠤᠳᠠᠯ ᠢ ᠴᠢᠷᠮᠠᠶᠢᠨ ᠰᠢᠶᠳᠪᠦᠷᠢᠯᠡᠬᠦ ᠬᠡᠷᠡᠭᠲᠡᠶ᠃ ᠨᠡᠮᠡᠭᠳᠡᠯ ᠢ ᠴᠢᠩᠭ᠎ᠠ ᠡᠵᠡᠮᠳᠡᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠣᠭᠤᠮᠲᠠ ᠶᠢ ᠴᠢᠩᠭ᠎ᠠ ᠰᠠᠬᠢᠵᠤ᠂ ︽ᠴᠡᠪᠡᠷᠯᠡᠨ | ᠰᠢᠢᠳᠪᠦᠷᠢᠯᠡᠬᠦ ᠶᠢᠨ ᠬᠠᠮᠳᠤ ᠦᠷᠢᠳᠦᠬᠦ ᠪᠠᠶᠢᠳᠠᠯ︾ ᠢ ᠡᠷᠡᠰ ᠬᠤᠷᠢᠭᠯᠠᠬᠤ ᠬᠡᠷᠡᠭᠲᠡᠢ ᠬᠡᠵᠤ ᠴᠢᠬᠤᠯᠠᠴᠢᠯᠠᠪᠠ᠃ | ᠬᠤᠷᠠᠯ ᠠᠴᠠ ᠬᠥᠨᠳᠡᠯᠡᠨ ᠲᠣᠭᠤᠷᠢᠭ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ 2025 | ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ | ᠠᠳᠬᠤᠨ ᠪᠠᠲᠤ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠂ ᠪᠦᠬᠦ ᠬᠦᠴᠦᠨ ᠪᠦᠬᠦ | ᠴᠢᠳᠠᠯ ᠢᠶᠠᠷ ᠢᠶᠠᠨ ᠠᠬᠢᠭᠤᠯᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠣᠨ ᠤ | ᠭᠤᠤᠯᠳᠠᠯᠭ᠎ᠠ ᠪᠠ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠵᠢᠷᠤᠭ ᠡᠯᠭᠦᠨ ᠪᠠᠶᠢᠯᠳᠤᠵᠤ᠂ ᠪᠣᠳᠠᠲᠠᠶ | ᠲᠥᠷᠥᠯ ᠵᠦᠶᠯ ᠪᠠ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ᠂ ︽ᠲᠠᠪᠤᠨ ᠶᠡᠭᠡ ᠡᠭᠦᠷᠭᠡ︾ | ᠶᠢᠨ ᠬᠥᠨᠳᠡᠯᠡᠨ ᠲᠣᠭᠤᠷᠢᠭ ᠲᠤ ᠨᠠᠶᠢᠳᠠᠪᠤᠷᠢᠵᠢᠭᠤᠯᠤᠬᠳᠠᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠬᠥᠨᠳᠡᠯᠡᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ | ᠠᠬᠢᠭᠤᠯᠤᠨ ᠨᠠᠶᠢᠳᠠᠪᠤᠷᠢᠵᠢᠭᠤᠯᠬᠤ ᠲᠥᠰᠦᠯ ᠢ ᠰᠤᠳᠤᠯᠤᠨ ᠬᠢᠨᠠᠨ ᠵᠥᠪᠯᠡᠵᠦ᠂ ︽ᠵᠢᠷᠭᠤᠭᠠᠨ ᠠᠵᠢᠯᠯᠠᠭ᠎ᠠ︾ ᠶᠢ | ᠬᠡᠷᠡᠭᠵᠢᠭᠦᠯᠬᠦ ᠪᠣᠯ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠴᠢᠬᠤᠯᠠ ᠭᠠᠷᠳᠠᠴᠠ ᠮᠥᠨ᠂ ᠮᠠᠨ ᠤ | ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠤᠯᠠᠮ ᠨᠢᠭᠡ | ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠶᠯᠵᠢᠭᠦᠯᠦᠨ᠂ ᠨᠠᠷᠢᠨ ᠲᠠᠩᠰᠠᠵᠢᠭᠤᠯᠵᠤ᠂ | ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠮᠠᠨ ᠤ ᠲᠤᠭᠤᠷᠢᠭ ︽ | ᠵᠢᠷᠭᠤᠭᠠᠨ ᠠᠵᠢᠯᠯᠠᠭ᠎ᠠ︾ ᠶᠢ ᠲᠦᠷᠭᠡᠨ ᠨᠠᠶᠢᠳᠠᠪᠤᠷᠢᠵᠢᠭᠤᠯᠬᠤ᠂ ᠡᠷᠲᠡᠬᠡᠨ ᠦᠷ᠎ᠡ ᠪᠦᠲᠦᠮᠵᠢ ᠭᠠᠷᠭᠠᠬᠤ᠂ ᠲᠡᠭᠦᠰ | ᠠᠮᠵᠢᠯᠲᠠ ᠲᠠᠢ ᠪᠠᠷ ᠲᠠᠩᠰᠠ ᠲᠤᠰᠢᠶᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠥᠬᠦ ᠲᠤᠭᠤᠷᠢᠭ ᠤᠨ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠥᠬᠡᠶ ᠭᠡᠬᠦ ᠤᠶᠢᠯᠠᠭᠠᠬᠳᠠᠬᠤᠨ ᠢ | ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠬᠦ ᠡᠬᠦᠷᠬᠡ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠪᠣᠳᠠᠲᠠᠶ ᠠᠳᠬᠤᠨ ᠨᠠᠷᠢᠯᠢᠭ ᠠᠳᠬᠤᠵᠤ ᠰᠢᠶᠳᠪᠦᠷᠢᠯᠡᠬᠦ ᠪᠠ | ᠬᠠᠷᠢᠭᠤ ᠥᠭᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠳᠡᠩᠰᠡᠯᠡᠵᠦ ᠰᠢᠶᠳᠪᠦᠷᠢᠯᠡᠵᠦ ᠳᠠᠭᠤᠰᠬᠠᠬᠤ ᠵᠡᠷᠭᠡ | ᠪᠢᠲᠡᠭᠦᠦ ᠭᠤᠬᠴᠤᠭᠠᠳᠤ ᠠᠵᠢᠯ ᠤᠨ ᠲᠣᠭᠲᠠᠴᠠ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ︽ᠯᠠᠪᠳᠠᠢ | ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠳᠠᠷᠤᠭᠳᠠᠮᠠᠯ ᠠᠵᠢᠯ ᠢ ᠰᠢᠶᠳᠪᠦᠷᠢᠯᠡᠬᠦ ᠶᠢ ᠲᠦᠷᠭᠡᠳᠬᠡᠵᠦ᠂ | ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠶᠳᠪᠦᠷᠢᠯᠡᠬᠦ ᠶᠢ | ᠠᠬᠢᠭᠤᠯᠵᠤ᠂ ᠰᠢᠶᠳᠪᠦᠷᠢᠯᠡᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︵ᠢᠷᠡᠯᠲᠡ᠄ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |