ᠬᠠᠲᠤᠨ ᠭᠤᠤᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠢᠨ ᠵᠠᠭᠤᠷᠠᠯᠳᠤᠭᠠᠨ ᠢ ᠣᠯᠠᠨ ᠡᠰᠢᠴᠢᠯᠡᠨ ᠰᠢᠶᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/4/2
    ᠨᠢᠭᠡ ᠳᠤ᠂ ︽1 + 2 + 3︾ ᠠᠵᠢᠯᠲᠠᠨ ᠢ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢ ᠠᠰᠢᠭᠯᠠᠨ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠬᠤᠷᠢᠶ᠎ᠠ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠰᠠᠯᠠᠭ᠎ᠠ ᠮᠦᠴᠢᠷ ᠪᠠᠶᠢᠩᠭᠤ    ᠰᠠᠭᠤᠬᠤ᠂ ᠬᠠᠤᠯᠢᠴᠢ ᠶᠢᠨ ᠭᠠᠵᠠᠷ ᠡᠭᠡᠯᠵᠢᠯᠡᠨ ᠰᠠᠭᠤᠬᠤ᠂ ᠠᠵᠢᠯ ᠲᠥᠷᠥᠯ ᠤᠨ ᠡᠶᠡᠳᠡᠭᠦᠯᠬᠦ ᠲᠠᠯ᠎ᠠ ᠪᠠᠷ ᠬᠢ ᠪᠤᠯᠵᠤᠨ ᠰᠠᠭᠤᠬᠤ ᠵᠡᠷᠬᠡ ᠲᠥᠷᠥᠯ ᠬᠤᠪᠢᠶᠠᠨ ᠬᠠᠮᠢᠶᠠᠷᠬᠤ ᠵᠠᠭᠪᠤᠷ ᠢ ᠠᠬᠢᠭᠤᠯᠪᠠ᠃ ᠬᠤᠶᠠᠷ ᠲᠤ᠂ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠳᠤ ᠲᠦᠰᠢᠭᠯᠡᠨ᠂ ︽ᠬᠠᠲᠤᠨ ᠭᠤᠤᠯ ᠠᠨ ᠯᠠᠨ ᠬᠠᠤᠯᠢ ᠶᠢᠨ ᠣᠶᠤᠨ ᠤ ᠴᠤᠭᠯᠠᠷᠠᠯ︾ ᠲᠠᠪᠴᠠᠩ ᠪᠣᠯᠤᠨ ︽ᠡᠶᠡᠳᠡᠭᠦᠯᠭᠡ ᠶᠢᠨ ᠬᠠᠮ ᠳᠡᠯᠭᠡᠭᠦᠷ︾ ᠤᠨ ᠵᠠᠭᠤᠷᠠᠯᠳᠤᠭᠠᠨ ᠢ ᠰᠢᠶᠳᠪᠦᠷᠢᠯᠡᠬᠦ ᠣᠯᠠᠨ ᠡᠰᠢᠲᠦ ᠰᠢᠰᠲ᠋ᠧᠮ ᠢ ᠪᠠᠶᠢᠭᠤᠯᠵᠤ᠂ ︽ᠴᠠᠭᠳᠠᠭ᠎ᠠ ᠶᠢᠨ ᠲᠤᠤᠷᠵᠢᠯ + ᠲᠤᠤᠷᠵᠢᠯ︾ ᠤᠨ ᠵᠠᠭᠪᠤᠷ ᠢ ᠠᠭᠤᠰᠤᠯᠴᠠᠭᠤᠯᠤᠨ᠂ ᠭᠤᠤᠯᠳᠠᠯᠭ᠎ᠠ ᠲᠠᠢ ᠬᠥᠮᠦᠰ ᠲᠤ ᠲᠤᠤᠷᠵᠢᠭᠤᠯᠤᠬᠰᠠᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠪᠠ᠃ ᠭᠤᠷᠪᠠ ᠳᠤ᠂ ᠣᠯᠠᠨ ᠲᠠᠯ᠎ᠠ ᠪᠠᠷ ᠢᠶᠠᠨ ᠬᠠᠮᠵᠢᠯᠴᠠᠵᠤ ᠵᠠᠰᠠᠯᠳᠠ ᠶᠢ ᠦᠷᠨᠢᠬᠦᠯᠪᠡ᠂ ᠬᠠᠤᠯᠢ ᠪᠠᠷ ᠵᠠᠰᠠᠬᠤ᠂ ᠠᠵᠢᠯ ᠲᠥᠷᠥᠯ᠂ ᠨᠡᠶᠢᠭᠡᠮ ᠤᠨ ᠭᠤᠷᠪᠠᠨ ᠰᠠᠯᠠᠭ᠎ᠠ ᠬᠦᠴᠦᠨ ᠤ ᠦᠶᠯᠡᠳᠦᠯ ᠢ ᠪᠠᠳᠠᠷᠠᠭᠤᠯᠤᠨ᠂ ︽ᠭᠤᠷᠪᠠ ᠶᠢ ᠠᠰᠠᠭᠤᠵᠤ ᠭᠤᠷᠪᠠ ᠶᠢ ᠬᠦᠷᠭᠡᠬᠦ︾ ᠠᠷᠠᠳ ᠤᠨ ᠪᠠᠶᠢᠳᠠᠯ ᠢ ᠴᠤᠭᠯᠠᠭᠤᠯᠬᠤ ᠲᠣᠭᠲᠠᠴᠠ ᠶᠢ     ᠪᠠᠶᠢᠭᠤᠯᠵᠤ᠂ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ᠂ ᠡᠬᠢ ᠪᠠᠶᠠᠯᠢᠭ ᠢ ᠨᠡᠶᠢᠳᠬᠡᠬᠦ ᠪᠠ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠡᠭᠡᠯᠢ ᠭᠤᠳᠤᠮᠵᠢ ᠶᠢᠨ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠶᠳᠪᠦᠷᠢᠯᠡᠬᠦ ᠨᠣᠷᠮ᠎ᠠ ᠶᠢ 30% ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠶᠢ 95.6% ᠳᠤ ᠬᠦᠷᠭᠡᠪᠡ᠃ 2025 ᠣᠨ ᠳᠤ ᠠᠷᠠᠳᠴᠢᠯᠠᠯ ᠢᠶᠠᠷ ᠵᠥᠪᠯᠡᠬᠦ ᠲᠣᠭᠲᠠᠴᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠤ ᠬᠦᠴᠢᠷᠳᠡᠵᠤ ᠬᠦᠰᠡᠵᠤ ᠪᠠᠶᠢᠭ᠎ᠠ 31 ᠠᠰᠠᠭᠤᠳᠠᠯ ᠢ ᠪᠦᠷᠢᠳᠬᠡᠨ ᠡᠮᠬᠢᠯᠡᠵᠦ᠂ ᠬᠦᠨᠳᠦ ᠬᠥᠩᠭᠡᠨ ᠠᠯᠭᠤᠷ ᠪᠠᠴᠢᠮ ᠢ ᠦᠨᠳᠦᠰᠦᠯᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠨᠠᠷᠢᠨ ᠲᠠᠩᠰᠠ ᠶᠢ ᠪᠦᠷᠢᠯᠳᠦᠭᠦᠯᠵᠦ᠂ ᠬᠠᠲᠤᠨ ᠭᠤᠤᠯ ᠨᠡᠶᠢᠭᠡᠮ ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠤᠨ ᠤᠰᠤ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠰᠢᠶᠳᠪᠦᠷᠢᠯᠡᠨ 3000 ᠭᠠᠷᠤᠶ ᠬᠥᠮᠦᠨ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠶᠳᠪᠦᠷᠢᠯᠡᠬᠦ ᠵᠡᠷᠭᠡ 25 ᠠᠰᠠᠭᠤᠳᠠᠯ ᠢ ᠨᠢ ᠰᠢᠶᠳᠪᠦᠷᠢᠯᠡᠪᠡ᠃ ︵ᠬᠠᠲᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号