ᠨᠢᠭᠡ ᠳᠤ᠂ ᠨᠠᠰᠤᠲᠠᠳ ᠢ ᠲᠤᠰᠠᠯᠠᠬᠤ ᠦᠶᠯᠡᠴᠢᠯᠡᠭᠡᠨ ᠤ ᠲᠥᠷᠥᠯ ᠲᠡᠮᠳᠡᠭ ᠢ ᠡᠭᠦᠳᠪᠡ᠃ ᠪᠤᠭᠤᠲᠤ ᠶᠢᠨ | ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠨᠡᠶᠢᠭᠡᠮ ᠲᠣᠭᠤᠷᠢᠭ ᠤᠨ | ᠡᠮᠴᠢᠯᠡᠭᠡᠨ ᠤ ᠦᠶᠯᠡᠴᠢᠯᠡᠭᠡᠨ ᠤ ᠴᠤᠭᠯᠠᠭ᠎ᠠ ᠲᠡᠯᠬᠡᠬᠦᠷ︾ ᠢ ᠪᠠᠶᠢᠭᠤᠯᠵᠤ᠂ ᠡᠮᠴᠢᠯᠡᠭᠡ ᠪᠠᠷ ᠲᠤᠰᠠᠯᠠᠬᠤ᠂ | ᠤᠬᠢᠶᠠᠯᠭ᠎ᠠ ᠪᠠᠷ ᠲᠤᠰᠠᠯᠠᠬᠤ᠂ ᠬᠤᠭᠤᠯᠠ ᠤᠮᠳᠠ ᠪᠠᠷ ᠲᠤᠰᠠᠯᠠᠬᠤ᠂ ᠴᠡᠪᠡᠷᠯᠡᠭᠡ ᠪᠠᠷ ᠲᠤᠰᠠᠯᠠᠬᠤ ᠲᠦᠷᠦᠯ | ᠲᠡᠮᠳᠡᠭ ᠢ ᠡᠬᠦᠳᠴᠦ᠂ ᠨᠠᠰᠤᠲᠠᠶᠢᠴᠤᠳ ᠲᠤ ᠨᠡᠶᠢᠲᠡ 500 ᠭᠠᠷᠤᠶ ᠤᠳᠠᠭ᠎ᠠ ᠦᠶᠯᠡᠴᠢᠯᠡᠵᠦ᠂ 5000 ᠭᠠᠷᠤᠶ | ᠬᠥᠮᠦᠨ ᠳᠤ ᠠᠰᠢᠭ ᠬᠦᠷᠲᠡᠭᠡᠪᠡ᠃ ᠬᠤᠶᠠᠷ ᠲᠤ᠂ ᠰᠠᠶᠢᠨ ᠳᠤᠷ᠎ᠠ ᠶᠢᠨ ᠦᠶᠯᠡᠴᠢᠯᠡᠭᠡ ᠥᠷᠨᠢᠭᠦᠯᠪᠠ᠃ ︽ᠪᠤᠭᠤᠷᠠᠯ | ᠨᠠᠰᠤᠳᠠᠨ ᠪᠠ ᠪᠢᠴᠢᠬᠠᠨ ᠬᠡᠦᠬᠡᠳ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ | ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ᠂ ᠲᠣᠬᠤᠨᠢᠭᠤᠯᠬᠤ᠂ ᠬᠠᠪᠰᠤᠷᠤᠨ ᠭᠦᠶᠴᠡᠳᠬᠡᠬᠦ ᠵᠡᠷᠭᠡ ︽ | ᠰᠡᠳᠬᠢᠯ ᠢ ᠲᠤᠯᠠᠭᠠᠴᠠᠭᠤᠯᠤᠬᠰᠠᠨ ᠪᠢᠴᠢᠯ ᠦᠶᠯᠡᠴᠢᠯᠡᠭᠡ︾ ᠬᠠᠩᠭᠠᠪᠠ᠃ ᠦᠢᠯᠡᠴᠢᠯᠡᠭᠡ ᠥᠷᠨᠢᠭᠦᠯᠦᠭᠰᠡᠨ ᠠᠴᠠ | ᠨᠠᠭᠠᠰᠢ᠂ 200 ᠭᠠᠷᠤᠢ ᠤᠳᠠᠭ᠎ᠠ ᠨᠠᠰᠤᠲᠠᠨ ᠢ ᠬᠠᠪᠰᠤᠷᠤᠨ ᠲᠡᠳᠬᠦᠵᠦ᠂ 20 ᠭᠠᠷᠤᠢ ᠬᠦᠴᠢᠷ ᠠᠰᠠᠭᠤᠳᠠᠯ ᠢ | ᠰᠢᠢᠳᠪᠦᠷᠢᠯᠡᠵᠦ ᠦᠭᠬᠦᠨ᠂ 1000 ᠭᠠᠷᠤᠢ ᠨᠠᠰᠤᠲᠠᠨ ᠠᠰᠢᠭ ᠬᠦᠷᠲᠡᠪᠡ᠃ ᠭᠤᠷᠪᠠ ᠳᠤ᠂ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠠ᠃ ᠨᠡᠶᠢᠭᠡᠮ ᠤᠨ ᠠᠵᠢᠯ ᠤᠨ ᠵᠣᠬᠢᠶᠠᠨ | ᠪᠠᠶᠢᠭᠤᠯᠤᠯᠲᠠ ᠪᠠ ᠬᠠᠷᠢᠶ᠎ᠠ ᠣᠷᠣᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ︽ᠬᠤᠶᠠᠷ | ᠴᠠᠭ ᠤᠨ ᠪᠣᠯᠪᠠᠰᠤᠷᠠᠯ ᠤᠨ ᠬᠢᠴᠢᠶᠡᠯ ᠤᠨ ᠲᠠᠩᠬᠢᠮ︾ ᠢ ᠨᠡᠬᠡᠬᠡᠵᠤ᠂ ︽ᠰᠢᠨᠵᠢᠯᠡᠬᠦ ᠤᠬᠠᠭᠠᠨ ᠤ ᠮᠡᠳᠡᠯᠬᠡ ᠶᠢ | ᠲᠦᠭᠡᠮᠡᠯᠵᠢᠭᠦᠯᠬᠦ ᠬᠥᠮᠦᠵᠢᠯ︾ ᠂ ︽ᠵᠢᠷᠤᠭᠲᠤ ᠳᠡᠪᠲᠡᠷ ᠤᠨ ᠤᠩᠰᠢᠯᠭ᠎ᠠ︾ ᠵᠡᠷᠭᠡ ᠭᠤᠤᠯ ᠰᠡᠳᠦᠪᠲᠦ | ᠠᠵᠢᠯᠯᠠᠭ᠎ᠠ ᠶᠢ 6 ᠲᠠᠯᠠᠪᠤᠷ ᠤᠳᠠᠭ᠎ᠠ ᠥᠷᠨᠢᠭᠦᠯᠵᠦ᠂ 100 ᠭᠠᠷᠤᠶ ᠡᠷᠦᠬᠡ ᠬᠡᠷ ᠪᠦᠯᠢ ᠳᠤ ᠠᠰᠢᠭ ᠬᠦᠷᠲᠡᠭᠡᠪᠡ᠃ | ︵ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |