ᠨᠢᠭᠡ ᠳᠤ᠂ ᠤᠷᠢᠳᠴᠢᠯᠠᠨ ᠪᠠᠶᠢᠷᠢᠯᠠᠭᠤᠯᠵᠤ᠂ ᠬᠤᠯᠪᠣᠭᠠᠯᠠᠨ ᠬᠥᠳᠡᠯᠦᠯᠴᠡᠵᠦ ᠬᠠᠮᠵᠢᠯᠴᠠᠪᠠ᠃ ᠴᠠᠭ | ᠠᠭᠤᠷ ᠤᠨ ᠰᠠᠯᠠᠭ᠎ᠠ ᠮᠥᠴᠢᠷ ᠡᠯᠡᠰᠦᠨ ᠰᠢᠭᠤᠷᠭ᠎ᠠ ᠶᠢᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ᠂ | ᠵᠢᠯᠣᠭᠤᠳᠤᠨ ᠲᠣᠬᠢᠷᠠᠭᠤᠯᠬᠤ ᠬᠢᠭᠡᠳ ᠲᠤᠬᠠᠶ ᠶᠢᠨ ᠭᠠᠵᠠᠷ ᠲᠤᠨᠢ ᠰᠢᠶᠳᠪᠦᠷᠢᠯᠡᠵᠦ ᠬᠠᠮᠲᠤᠷᠠᠨ ᠬᠥᠳᠡᠯᠦᠯᠴᠡᠬᠦ | ᠰᠢᠰᠲ᠋ᠧᠮ ᠢ ᠪᠠᠶᠢᠭᠤᠯᠵᠤ᠂ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠶ ᠳᠤᠨᠢ ᠮᠦᠷᠳᠡᠨ ᠤᠶᠢᠯᠠᠭᠠᠪᠠ᠃ | ᠬᠤᠶᠠᠷ ᠲᠤ᠂ ᠵᠠᠭᠪᠤᠷ ᠤᠨ ᠰᠢᠨ᠎ᠡ ᠶᠢ ᠡᠭᠦᠳᠴᠦ᠂ ᠪᠣᠰᠤᠭ᠎ᠠ ᠴᠣᠭᠴᠠ ᠪᠠᠷ ᠲᠣᠭᠤᠰᠣ ᠲᠤᠷᠳᠠᠭ ᠢ ᠠᠷᠢᠯᠭᠠᠪᠠ᠃ | ︽ᠮᠠᠰᠢᠨᠴᠢᠯᠠᠯᠲᠠ ᠪᠠᠷ ᠭᠤᠤᠯᠯᠠᠭᠤᠯᠬᠤ + ᠬᠥᠮᠦᠨ ᠤ ᠬᠦᠴᠦ ᠪᠠᠷ ᠲᠤᠰᠠᠯᠠᠬᠤ︾ ᠵᠠᠭᠪᠤᠷ ᠢ ᠠᠪᠴᠤ᠂ ᠤᠬᠢᠶᠠᠵᠤ | ᠱᠦᠭᠦᠷᠳᠡᠬᠦ ᠲᠡᠷᠭᠡ᠂ ᠮᠠᠨᠠᠨᠲᠤ ᠤᠰᠤ ᠰᠦᠷᠴᠢᠬᠦ ᠲᠡᠷᠭᠡ ᠵᠡᠷᠭᠡ ᠪᠠᠷ ᠭᠤᠤᠯ ᠪᠠ ᠳᠡᠳ᠋ ᠵᠠᠮ ᠱᠤᠭᠤᠮ ᠢ ᠲᠤᠭᠤᠷᠢᠨ | ᠤᠬᠢᠶᠠᠵᠤ ᠲᠣᠭᠤᠰᠣ ᠶᠢ ᠠᠷᠢᠯᠭᠠᠬᠤ᠂ ᠥᠨᠳᠥᠷ ᠳᠠᠷᠤᠯᠲᠠ ᠪᠠᠷ ᠤᠬᠢᠶᠠᠵᠤ ᠴᠡᠪᠡᠷᠯᠡᠬᠦ ᠲᠡᠷᠭᠡ ᠪᠠᠷ ᠲᠣᠭᠤᠰᠣ | ᠬᠤᠷᠠᠭᠰᠠᠨ ᠣᠷᠣᠨ ᠪᠦᠰᠡ ᠶᠢ ᠴᠡᠪᠡᠷᠯᠡᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ | ᠮᠠᠰᠢᠨ ᠢᠶᠠᠷ ᠠᠵᠢᠯᠯᠠᠬᠤ ᠬᠦᠷᠴᠦ ᠲᠡᠶᠢᠯᠬᠦ ᠦᠭᠡᠢ ᠣᠷᠣᠨ ᠢ ᠬᠦᠮᠦᠨ ᠤ ᠬᠦᠴᠦ ᠪᠠᠷ ᠠᠷᠢᠯᠭᠠᠨ᠂ ᠣᠯᠠᠨ | ᠨᠡᠶᠢᠲᠡ ᠶᠢᠨ ᠲᠤᠨᠤᠭ ᠲᠦᠬᠦᠬᠡᠷᠦᠮᠵᠢ ᠶᠢ ᠬᠠᠮᠠᠭᠠᠯᠠᠵᠤ᠂ ᠬᠤᠭ ᠨᠣᠪᠰᠢ ᠶᠢᠨ ᠰᠠᠪᠠ ᠶᠢ ᠪᠢᠲᠡᠭᠦᠮᠵᠢᠯᠡᠨ | ᠲᠡᠭᠡᠭᠡᠪᠦᠷᠢᠯᠡᠬᠦ ᠶᠢ ᠨᠠᠶᠢᠳᠠᠪᠤᠷᠢᠵᠢᠭᠤᠯᠪᠠ᠃ ᠭᠤᠷᠪᠠ ᠳᠤ᠂ ᠤᠨᠢᠨ ᠲᠡᠭᠡᠷ᠎ᠡ ᠨᠢ ᠪᠠᠲᠤᠯᠠᠵᠤ᠂ ᠣᠷᠭᠢᠯ ᠤᠨ | ᠬᠤᠭᠤᠴᠠᠭ᠎ᠠ ᠶᠢ ᠵᠦᠷᠢᠬᠦᠯᠦᠨ ᠠᠵᠢᠯᠯᠠᠪᠠ᠃ ᠴᠡᠴᠡᠷᠯᠢᠭ ᠠᠭᠤᠳᠠᠮ ᠲᠠᠯᠠᠪᠠᠶ ᠵᠡᠷᠭᠡ ᠭᠤᠤᠯᠳᠠᠯᠭ᠎ᠠ ᠲᠠᠢ ᠣᠷᠣᠨ | ᠪᠦᠰᠡ ᠳᠤ ᠲᠣᠭᠤᠷᠢᠨ ᠠᠵᠢᠯᠯᠠᠬᠤ ᠳᠠᠪᠲᠠᠮᠵᠢ ᠪᠠᠨ ᠨᠡᠮᠡᠭᠳᠡᠭᠦᠯᠵᠦ᠂ ︽ᠣᠷᠭᠢᠯ ᠤᠨ ᠬᠤᠭᠤᠴᠠᠭ᠎ᠠ ᠳᠤ ᠰᠠᠭᠠᠳ | ᠦᠭᠡᠢ ᠨᠡᠪᠳᠡᠷᠡᠬᠦ ᠶᠢ ᠪᠠᠲᠤᠯᠠᠵᠤ᠂ ᠡᠩ ᠤᠨ ᠴᠠᠭ ᠪᠠ ᠤᠷᠬᠢᠯ ᠤᠨ ᠬᠤᠭᠤᠴᠠᠭ᠎ᠠ ᠶᠢ ᠪᠦᠷᠢᠨ ᠪᠥᠷᠬᠦᠭᠦᠯᠬᠦ︾ | ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠠᠵᠢᠯᠯᠠᠭᠤᠯᠬᠤ ᠶᠢ ᠬᠡᠷᠡᠭᠵᠢᠭᠦᠯᠵᠦ᠂ ᠪᠤᠶᠢᠳᠡ ᠪᠦᠭᠯᠡᠬᠦᠦ ᠵᠡᠬᠡᠯᠢ | ᠭᠤᠳᠤᠮᠵᠢ ᠶᠢ ᠬᠠᠮᠲᠤ ᠳᠤᠨᠢ ᠬᠠᠷᠠᠭᠠᠯᠵᠠᠪᠠ᠃ 3 ᠰᠠᠷ᠎ᠠ ᠶᠢᠨ 24 ᠤ ᠡᠳᠦᠷ ᠠᠴᠠ 3 ᠰᠠᠷ᠎ᠠ ᠶᠢᠨ 28 ᠤ ᠡᠳᠦᠷ | ᠪᠣᠯᠲᠠᠯ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠨᠡᠶᠢᠲᠡ 2000 ᠭᠠᠷᠤᠶ ᠬᠥᠮᠦᠨ ᠤᠳᠠᠭ᠎ᠠ | ᠬᠦᠳᠡᠯᠦᠯᠴᠡᠵᠤ᠂ ᠮᠠᠨᠠᠨᠲᠤ ᠤᠰᠤ ᠰᠦᠷᠴᠢᠬᠦ ᠲᠡᠷᠭᠡ᠂ ᠤᠬᠢᠶᠠᠵᠤ ᠴᠡᠪᠡᠷᠯᠡᠬᠦ ᠲᠡᠷᠭᠡ᠂ ᠤᠰᠤ ᠰᠦᠷᠴᠢᠬᠦ ᠲᠡᠷᠭᠡ ᠶᠢ | 18 ᠬᠥᠳᠡᠯᠭᠡᠵᠤ ᠠᠵᠢᠯᠯᠠᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶ |