ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠵᠦᠭᠯᠡᠭᠦᠷ
ᠨᠡᠶᠢᠲᠡᠯᠡᠭᠰᠡᠨ ᠴᠠᠭ᠄
2025/4/2
    ᠨᠢᠭᠡ᠂ ᠲᠠᠬᠢᠯᠭ᠎ᠠ ᠬᠢᠬᠦ ᠭᠠᠯ ᠢ ᠰᠡᠷᠭᠡᠶᠢᠯᠡᠬᠦ ᠲᠤᠬᠠᠢ     ᠪᠣᠯᠪᠠᠰᠤᠨ ᠢᠶᠠᠷ ᠲᠠᠬᠢᠯᠭ᠎ᠠ ᠬᠢᠵᠦ ᠠᠮᠤᠷ ᠲᠦᠪᠰᠢᠨ ᠢ ᠪᠠᠲᠤᠯᠠᠶ᠎ᠠ     ᠲᠦᠭᠰᠢᠭᠦᠷᠢ ᠶᠢᠨ ᠲᠤᠬᠠᠢ ᠰᠠᠨᠠᠭᠤᠯᠤᠮᠵᠢ᠄  ᠴᠠᠭᠠᠰᠤᠨ ᠵᠤᠭᠤᠰ ᠰᠢᠲᠠᠭᠠᠬᠤ᠂ ᠬᠦᠵᠢ ᠵᠤᠯᠠ ᠠᠰᠠᠭᠠᠬᠤ ᠨᠢ ᠠᠮᠠᠷᠬᠠᠨ ᠠᠭᠤᠯᠠᠨ ᠲᠦᠢᠮᠡᠷ ᠢ ᠡᠭᠦᠰᠭᠡᠵᠦ᠂ ᠬᠠᠪᠤᠷ ᠤᠨ ᠤᠯᠠᠷᠢᠯ ᠤᠨ ᠰᠠᠯᠬᠢ ᠶᠡᠭᠡ ᠪᠦᠭᠡᠳ ᠭᠠᠩ ᠬᠠᠭᠤᠷᠠᠶ  ᠪᠠᠶᠢᠳᠠᠭ ᠨᠢ ᠲᠦᠢᠮᠡᠷ ᠡᠬᠦᠰᠪᠡᠯ ᠠᠶᠤᠯ ᠶᠡᠬᠡᠳᠡᠢ ᠪᠠᠶᠢᠳᠠᠭ︕     ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠄    1. ᠭᠠᠯ ᠦᠬᠡᠢ ᠲᠠᠬᠢᠯᠭ᠎ᠠ ᠬᠢᠬᠦ ᠶᠢ ᠰᠠᠨᠠᠭᠠᠴᠢᠯᠠᠨ᠎ᠠ᠄ ᠰᠣᠷᠭᠤᠭ ᠴᠡᠴᠡᠭ᠂ ᠰᠦᠯᠵᠢᠶ᠎ᠡ ᠪᠠᠷ ᠲᠠᠬᠢᠯᠭ᠎ᠠ ᠬᠢᠬᠦ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠯᠪᠡᠷᠢ ᠶᠢ ᠡᠩ ᠲᠡᠷᠢᠭᠦᠨ ᠳᠤ ᠰᠣᠩᠭᠤᠨ᠎ᠠ᠃     2. ᠭᠠᠯ ᠬᠡᠷᠡᠭᠯᠡᠬᠦ ᠳᠡᠭᠡᠨ ᠬᠡᠷᠰᠡᠦ ᠪᠣᠯᠭᠤᠮᠵᠢᠲᠠᠶ ᠪᠠᠶᠢᠬᠤ ᠬᠡᠷᠡᠭᠲᠡᠶ᠄ ᠣᠶ ᠮᠣᠳᠣ ᠡᠪᠡᠰᠦ ᠤᠷᠭᠤᠮᠠᠯ ᠵᠤᠵᠠᠭᠠᠨ ᠭᠠᠵᠠᠷ ᠠᠴᠠ ᠵᠠᠶᠢᠯᠠᠵᠤ᠂ ᠠᠮᠠᠷᠬᠠᠨ ᠰᠢᠲᠠᠬᠤ ᠪᠣᠳᠠᠰ ᠥᠬᠡᠶ ᠦᠷᠬᠡᠨ ᠠᠭᠤᠵᠢᠭᠤ ᠰᠢᠭ᠋ ᠭᠠᠵᠠᠷ ᠢ ᠰᠣᠩᠭᠤᠬᠤ ᠬᠡᠷᠡᠭᠲᠡᠶ︔ ᠬᠦᠵᠢ ᠠᠰᠠᠭᠠᠵᠤ ᠴᠠᠭᠠᠰᠤ ᠰᠢᠲᠠᠭᠠᠭᠰᠠᠨ ᠤ ᠳᠠᠷᠠᠭ᠎ᠠ ᠦᠯᠡᠳᠡᠭᠳᠡᠯ ᠭᠠᠯ ᠢ ᠪᠦᠷᠢᠮᠦᠰᠦᠨ ᠤᠨᠲᠠᠷᠠᠭᠠᠵᠤ᠂ ᠭᠠᠯ ᠤᠨ ᠴᠤᠭ ᠦᠭᠡᠢ ᠪᠤᠯᠪᠠᠯ ᠰᠠᠶ᠋ᠢ ᠰᠠᠯᠵᠤ ᠶᠠᠪᠤᠬᠤ ᠶᠢ ᠪᠠᠲᠤᠯᠠᠨ᠎ᠠ︔ ᠠᠭᠤᠯᠠᠷᠬᠠᠭ ᠣᠷᠣᠨ᠂ ᠰᠢᠭᠤᠶᠢᠲᠤ ᠣᠷᠣᠨ ᠳᠤ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃    3. ᠬᠡᠦᠬᠡᠳ ᠪᠠᠭᠠᠴᠤᠳ ᠭᠠᠯ ᠢᠶᠠᠷ ᠨᠠᠭᠠᠳᠴᠤ ᠪᠣᠯᠬᠤ ᠥᠬᠡᠶ᠄ ᠬᠡᠦᠬᠡᠳ ᠪᠠᠭᠠᠴᠤᠳ ᠢᠶᠠᠨ ᠭᠠᠯ ᠤᠨ ᠡᠬᠢ ᠠᠴᠠ ᠬᠤᠯᠠ ᠪᠠᠶᠢᠯᠭᠠᠵᠤ᠂ ᠲᠠᠬᠢᠯᠭ᠎ᠠ ᠬᠢᠬᠦ ᠦᠶ᠎ᠡ ᠳᠤ ᠲᠤᠰᠬᠠᠶᠢᠯᠠᠨ ᠬᠠᠷᠠᠵᠤ ᠬᠠᠷᠠᠭᠠᠯᠵᠠᠵᠤ ᠪᠠᠶᠢᠭᠠᠷᠠᠢ᠃     ᠭᠠᠯ ᠤᠨ ᠠᠶᠤᠯ ᠲᠣᠬᠢᠶᠠᠯᠳᠤᠪᠠᠯ ᠬᠡᠷᠬᠢᠨ ᠠᠷᠭᠠᠴᠠᠭᠠᠬᠤ ᠪᠤᠢ     ᠪᠠᠭ᠎ᠠ ᠭᠠᠯ ᠠᠯᠳᠠᠪᠠᠯ ᠥᠪᠡᠷ ᠢ ᠪᠠᠨ ᠠᠪᠤᠷᠠᠬᠤ᠄ ᠡᠯᠡᠰᠦ ᠰᠢᠷᠣᠢ᠂ ᠤᠰᠤ ᠪᠤᠶᠤ ᠬᠤᠪᠴᠠᠰᠤ ᠬᠤᠨᠠᠷ ᠢᠶᠠᠷ  ᠢᠶᠠᠨ ᠲᠠᠷᠤᠵᠤ ᠤᠨᠲᠠᠷᠠᠭᠠᠨ᠎ᠠ᠂ ᠰᠢᠭᠤᠳ ᠰᠠᠪᠠᠵᠤ ᠬᠦᠪᠢᠵᠤ ᠤᠨᠳᠠᠷᠠᠭᠠᠬᠤ ᠪᠠᠷ ᠤᠷᠤᠯᠳᠤᠬᠤ ᠨᠢ ᠭᠠᠯ ᠤᠨ ᠴᠤᠭ ᠦᠰᠦᠷᠴᠦ ᠤᠶᠢᠷ᠎ᠠ ᠬᠠᠪᠢ ᠳᠤ ᠲᠠᠬᠢᠨ ᠭᠠᠯ ᠡᠭᠦᠰᠬᠡᠵᠤ ᠮᠡᠳᠡᠨ᠎ᠡ᠃    ᠭᠠᠯ ᠤᠨ ᠪᠠᠶᠢᠳᠠᠯ ᠢ ᠡᠵᠡᠮᠳᠡᠵᠤ ᠲᠡᠶᠢᠯᠬᠦ ᠦᠭᠡᠢ ᠪᠤᠯᠬᠤ ᠦᠶ᠎ᠡ ᠳᠤ᠄ ᠳᠠᠷᠤᠶ ᠲᠦᠷᠭᠡᠨ ᠵᠠᠶᠢᠯᠠᠬᠤ ᠶᠢᠨ ᠬᠠᠮᠲᠤ 119 ᠳᠤ ᠤᠲᠠᠰᠤᠳᠠᠵᠤ᠂ ᠰᠠᠯᠬᠢ ᠰᠥᠷᠦᠨ ᠠᠮᠢ ᠵᠢᠭᠤᠲᠠᠨ᠎ᠠ᠂ ᠬᠤᠲᠣᠭᠤᠷ ᠭᠠᠵᠠᠷ ᠲᠤ ᠳᠠᠯᠳᠠᠯᠠᠵᠤ ᠪᠣᠯᠬᠤ ᠥᠬᠡᠶ᠃     ᠬᠤᠶᠠᠷ᠂ ᠭᠠᠳᠠᠭᠰᠢ ᠭᠠᠷᠴᠤ ᠶᠠᠪᠤᠵᠤ ᠰᠠᠭᠤᠬᠤ ᠠᠮᠤᠷ ᠲᠦᠪᠰᠢᠨ ᠤ ᠲᠤᠬᠠᠢ     ᠲᠦᠭᠰᠢᠭᠦᠷᠢ ᠶᠢᠨ ᠰᠠᠨᠠᠭᠤᠯᠤᠮᠵᠢ᠄ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ ᠠᠭᠤᠯᠠᠨ ᠵᠠᠮ ᠡᠩᠬᠦᠯ ᠳᠤᠩᠬᠤᠯ᠂ ᠪᠣᠷᠣᠭᠠᠨ ᠲᠠᠢ ᠡᠳᠦᠷ ᠵᠠᠮ ᠬᠠᠯᠲᠤᠷᠢᠭ᠎ᠠ ᠲᠠᠢ ᠠᠮᠠᠷᠬᠠᠨ ᠠᠳᠡᠯ ᠭᠠᠷᠤᠨ᠎ᠠ᠃     ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠄     1. ᠬᠦᠮᠦᠰ ᠤᠨ ᠨᠠᠭᠠᠰᠢ ᠴᠠᠭᠠᠰᠢ ᠶᠠᠪᠤᠬᠤ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ᠄ ᠵᠠᠮ ᠬᠠᠷᠢᠯᠴᠠᠭ᠎ᠠ ᠶᠢᠨ ᠲᠤᠬᠠᠢ ᠷᠠᠳᠢᠣ᠋ ᠨᠡᠪᠲᠡᠷᠡᠭᠦᠯᠭᠡ ᠶᠢᠨ ᠠᠭᠤᠯᠭ᠎ᠠ ᠶᠢ ᠠᠩᠬᠠᠷᠴᠤ᠂ ᠵᠠᠮ ᠬᠠᠷᠢᠯᠴᠠᠭ᠎ᠠ   ᠶᠢᠨ ᠲᠦᠭᠵᠢᠷᠡᠬᠦ ᠦᠶ᠎ᠡ ᠠᠴᠠ ᠵᠠᠶᠢᠯᠠᠬᠤ ᠬᠡᠷᠡᠭᠲᠡᠶ︔     2. ᠲᠡᠷᠭᠡ ᠬᠥᠰᠬᠡ ᠪᠠᠨ ᠪᠠᠶᠢᠴᠠᠭᠠᠬᠤ᠄ ᠲᠣᠷᠣᠮᠰᠤᠯᠠᠭᠤᠷ᠂ ᠳᠤᠭᠤᠶᠢᠯᠠᠪᠤᠷᠢ ᠶᠢ ᠤᠷᠢᠳᠴᠢᠯᠠᠨ ᠪᠠᠶᠢᠴᠠᠭᠠᠨ ᠵᠠᠰᠠᠵᠤ᠂ ᠪᠣᠷᠣᠭᠠᠨ ᠲᠠᠢ ᠡᠳᠦᠷ ᠬᠤᠷᠳᠤᠴᠠ ᠪᠠᠨ ᠪᠠᠭᠤᠷᠠᠭᠤᠯᠤᠨ ᠠᠯᠭᠤᠷ ᠶᠠᠪᠤᠭᠠᠷᠠᠶ︔     3. ᠶᠠᠪᠠᠭᠠᠨ ᠶᠠᠪᠤᠬᠤ ᠠᠮᠤᠷ ᠲᠦᠪᠰᠢᠨ᠄ ᠨᠡᠭᠡᠭᠡᠨ ᠬᠥᠭᠵᠢᠭᠦᠯᠦᠭᠡᠳᠦᠶ ᠣᠷᠣᠨ ᠪᠦᠰᠡ ᠳᠤ ᠤᠷᠤᠵᠤ ᠠᠪᠠᠷᠢᠵᠤ ᠪᠣᠯᠬᠤ ᠥᠬᠡᠶ᠂ ᠬᠠᠯᠲᠤᠷᠢᠬᠤ ᠠᠴᠠ ᠰᠡᠷᠭᠡᠶᠢᠯᠡᠬᠦ ᠱᠠᠬᠠᠶ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠶᠯ ᠢ ᠰᠠᠶᠢᠲᠤᠷ ᠪᠡᠯᠡᠳᠬᠡᠬᠦ ᠬᠡᠷᠡᠭᠲᠡᠶ᠃     ᠰᠠᠨᠠᠮᠰᠠᠷ ᠦᠬᠡᠢ ᠡᠬᠦᠰᠬᠦ ᠪᠠᠶᠢᠳᠠᠯ ᠢ ᠰᠢᠶᠳᠪᠦᠷᠢᠯᠡᠬᠦ     ᠮᠠᠰᠢᠨ ᠲᠡᠷᠭᠡᠨ ᠤ ᠭᠡᠮᠲᠦᠯ ᠭᠠᠷᠪᠠᠯ᠄ ᠰᠡᠷᠡᠮᠵᠢᠯᠡᠬᠦᠯᠬᠦ ᠬᠤᠣᠰ ᠭᠢᠯᠪᠠᠭᠠᠨ ᠳ᠋ᠧᠩ ᠢᠶᠠᠨ ᠨᠡᠭᠡᠭᠡᠵᠦ᠂ ᠭᠤᠷᠪᠠᠯᠵᠢᠨ ᠰᠡᠷᠡᠮᠵᠢ ᠶᠢᠨ ᠫᠠᠶᠢᠰᠠ ᠶᠢ ᠢᠯᠡ ᠲᠠᠯᠪᠢᠵᠤ᠂ ᠬᠥᠮᠦᠰ ᠢ ᠠᠮᠤᠷ ᠲᠦᠪᠰᠢᠨ ᠭᠠᠵᠠᠷ ᠲᠤ ᠤᠬᠤᠷᠢᠭᠤᠯᠤᠨ᠎ᠠ︔     ᠵᠠᠮ ᠲᠥᠭᠡᠷᠢᠵᠤ ᠬᠤᠷᠢᠭᠳᠠᠬᠤ᠄ ᠭᠠᠷ ᠤᠲᠠᠰᠤᠨ ᠤ ᠴᠠᠬᠢᠯᠭᠠᠨ ᠤ ᠬᠡᠮᠵᠢᠶ᠎ᠡ ᠪᠠᠨ ᠪᠠᠲᠤᠯᠠᠵᠤ᠂ ᠣᠷᠣᠨ ᠪᠠᠶᠢᠷᠢ ᠪᠠᠨ ᠶᠠᠪᠤᠭᠤᠯᠵᠤ ᠲᠤᠰᠠᠯᠠᠮᠵᠢ ᠭᠤᠶᠤᠨ᠎ᠠ ︵ᠲᠤᠬᠠᠶ ᠶᠢᠨ ᠭᠠᠵᠠᠷ ᠤᠨ ᠠᠪᠤᠷᠠᠨ ᠲᠤᠰᠠᠯᠠᠬᠤ ᠠᠩᠭᠢ ᠲᠠᠢ ᠬᠠᠷᠢᠯᠴᠠᠬᠤ ᠪᠤᠶᠤ 110 ᠳᠤ ᠤᠳᠠᠰᠤᠳᠠᠵᠤ ᠪᠤᠯᠤᠨ᠎ᠠ︶᠃     ᠭᠤᠷᠪᠠ᠂ ᠬᠡᠷ ᠢᠶᠠᠨ ᠬᠠᠶᠠᠵᠤ ᠭᠠᠷᠬᠤ ᠠᠮᠤᠷ ᠲᠦᠪᠰᠢᠨ ᠤ ᠲᠤᠬᠠᠶ     ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠬᠡᠰᠡᠭ ᠬᠡᠷ ᠪᠦᠯᠢ ᠭᠠᠳᠠᠭᠰᠢ ᠭᠠᠷᠴᠤ ᠮᠡᠳᠡᠨ᠎ᠡ᠂ ᠡᠭᠦᠨ ᠳᠤ ᠠᠩᠬᠠᠷᠬᠤ ᠴᠢᠬᠤᠯᠠᠲᠠᠶ ᠵᠦᠶᠯ ᠭᠡᠪᠡᠯ᠄       1. ᠰᠢᠲᠠᠮᠠᠬᠠᠶ ᠬᠡᠶ ᠶᠢᠨ ᠨᠡᠭᠡᠯᠡᠬᠡᠶ ᠪᠠᠨ ᠬᠠᠭᠠᠵᠤ᠂ ᠲᠣᠭᠤᠭᠠᠨ ᠬᠡᠷ ᠲᠤ ᠬᠡᠷᠡᠭᠯᠡᠬᠦ ᠢᠯᠡ ᠭᠠᠯ ᠢ ᠪᠠᠶᠢᠴᠠᠭᠠᠨ᠎ᠠ︔     2. ᠴᠢᠬᠤᠯᠠ ᠪᠤᠰᠤ ᠴᠠᠬᠢᠯᠭᠠᠨ ᠬᠡᠷᠡᠭᠰᠡᠯ ᠤᠨ ᠤᠭᠯᠠᠭᠤᠷ ᠢ ᠰᠠᠯᠭᠠᠵᠤ ᠬᠠᠶᠠᠬᠤ ᠬᠡᠷᠡᠭᠳᠡᠢ᠂ ᠳᠥᠲᠡᠯᠡᠯ ᠠᠴᠠ ᠪᠣᠯᠵᠣ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ︔     3 . ᠨᠠᠷᠠᠪᠴᠢ ᠪᠠᠨ ᠴᠡᠪᠡᠷᠯᠡᠬᠦ᠄ ᠨᠣᠴᠣᠮᠠᠲᠠᠭᠠᠶ ᠪᠣᠳᠠᠰ ᠢ ᠰᠠᠶᠢᠲᠤᠷ ᠬᠤᠷᠢᠶᠠᠵᠤ ᠲᠠᠯᠪᠢᠨ᠂ ᠭᠠᠳᠠᠨ᠎ᠠ ᠠᠴᠠ ᠢᠷᠡᠬᠦ ᠭᠠᠯ ᠤᠨ ᠴᠤᠭ ᠠᠴᠠ ᠪᠤᠯᠵᠤ ᠨᠠᠷᠠᠪᠴᠢ ᠳᠤ ᠲᠠᠯᠪᠢᠬᠰᠠᠨ ᠪᠤᠳᠠᠰ ᠨᠣᠴᠣᠬᠤ ᠶᠢ ᠰᠡᠷᠭᠡᠶᠢᠯᠡᠬᠦ ᠬᠡᠷᠡᠭᠲᠡᠶ᠃     ᠳᠥᠷᠪᠡ᠂ ᠪᠠᠴᠢᠮ ᠪᠠᠶᠢᠳᠠᠯ ᠢ ᠠᠷᠭᠠᠴᠠᠭᠠᠬᠤ ᠲᠤᠰᠠᠯᠠᠮᠵᠢ ᠭᠤᠶᠤᠬᠤ ᠤᠳᠠᠰᠤ ᠵᠠᠩᠭᠢᠯᠠᠭ᠎ᠠ ᠶᠢᠨ ᠦᠶ᠎ᠡ ᠳᠤ ᠠᠮᠢ ᠠᠪᠤᠷᠠᠵᠤ ᠲᠠᠶᠢᠯᠤᠨ᠎ᠠ     ᠭᠠᠯ ᠤᠨ ᠠᠶᠤᠯ ᠠᠴᠠ ᠠᠪᠤᠷᠠᠬᠤ᠄ 119     ᠡᠮᠴᠢᠯᠡᠭᠡᠨ ᠤ ᠲᠦᠷᠭᠡᠨ ᠠᠪᠤᠷᠠᠯᠲᠠ᠄ 120     ᠵᠠᠮ ᠬᠠᠷᠢᠯᠴᠠᠭᠠᠨ ᠤ ᠠᠳᠡᠯ᠄ 122     ᠣᠢ ᠰᠢᠭᠤᠶ ᠶᠢᠨ ᠲᠦᠢᠮᠡᠷ ᠠᠴᠠ ᠠᠪᠤᠷᠠᠬᠤ᠄ 12119     ᠠᠳᠡᠯ ᠤᠨ ᠭᠡᠮ ᠰᠤᠭᠤᠭ ᠢ ᠢᠯᠡᠴᠢᠯᠡᠨ ᠮᠡᠳᠡᠭᠦᠯᠬᠦ᠄ 12350
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号