ᠬᠠᠲᠤᠨ ᠭᠤᠤᠯ ᠪᠠᠷᠠᠭᠤᠨ ᠵᠠᠮ ᠵᠡᠭᠡᠯᠢ ᠭᠤᠳᠤᠮᠵᠢ ︽12345︾ ᠬᠠᠯᠠᠮᠰᠢᠯ ᠤᠳᠠᠰᠤᠨ ᠳᠤ ᠲᠦᠰᠢᠭᠯᠡᠵᠤ᠂ ︽ᠭᠤᠷᠪᠠᠨ ᠠᠷᠭ᠎ᠠ ᠬᠡᠮᠵᠢᠶ᠎ᠡ︾ ᠪᠠᠷ ᠠᠷᠠᠳ ᠤᠨ ᠠᠮᠢᠳᠤᠷᠠᠯ ᠤᠨ ᠦᠶᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/4/22
    ᠨᠢᠭᠡ ᠳᠤ᠂ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠬᠦᠴᠢᠷ ᠠᠰᠠᠭᠤᠳᠠᠯ ᠢ ᠰᠢᠢᠳᠪᠦᠷᠢᠯᠡᠨ᠂ ᠬᠦᠰᠡᠯ ᠱᠠᠭᠠᠷᠳᠠᠯᠭ᠎ᠠ ᠶᠢᠨ ᠲᠤᠬᠠᠢ ᠨᠠᠷᠢᠨ ᠲᠠᠩᠰᠠ ᠶᠢ ᠪᠠᠶᠢᠭᠤᠯᠵᠤ᠂ 600 ᠭᠠᠷᠤᠢ ᠬᠤᠪᠢ ᠠᠵᠢᠯ ᠤᠨ ᠲᠠᠩᠰᠠ ᠶᠢᠨ ᠳᠣᠲᠣᠷᠠᠬᠢ ᠬᠤᠳᠳᠤᠭ ᠤᠨ ᠲᠠᠬᠯᠠᠭ᠎ᠠ ᠡᠪᠳᠡᠷᠡᠵᠦ ᠴᠤᠴᠠᠷᠠᠭᠰᠠᠨ᠂ ᠵᠠᠮ ᠤᠨ ᠨᠢᠭᠤᠷ ᠡᠩᠬᠦᠯ ᠲᠤᠩᠬᠤᠯ ᠪᠤᠯᠵᠤ ᠡᠪᠳᠡᠭᠳᠡᠭᠰᠡᠨ ᠵᠡᠷᠭᠡ ᠥᠨᠳᠥᠷ ᠳᠠᠪᠲᠠᠮᠵᠢᠲᠤ ᠲᠤᠰᠬᠠᠬᠰᠠᠨ ᠠᠰᠠᠭᠤᠳᠠᠯ ᠢ ᠨᠠᠷᠢᠯᠢᠭ ᠣᠨᠣᠴᠠᠲᠠᠢ ᠪᠠᠷ ᠠᠷᠠᠳ ᠤᠨ ᠠᠮᠢᠳᠤᠷᠠᠯ ᠤᠨ 11 ᠲᠦᠷᠦᠯ ᠵᠦᠢᠯ ᠪᠤᠯᠭᠠᠨ ᠬᠤᠪᠢᠷᠠᠭᠤᠯᠵᠤ᠂ ︽ᠵᠢᠷᠤᠭ ᠡᠯᠭᠦᠨ ᠪᠠᠶᠢᠯᠳᠤᠬᠤ +  ᠰᠢᠢᠳᠪᠦᠷᠢᠯᠡᠵᠤ ᠲᠠᠭᠤᠰᠬᠠᠨ ᠨᠠᠷᠢᠨ ᠲᠠᠩᠰᠠᠨ ᠠᠴᠠ ᠭᠠᠷᠭᠠᠬᠤ ᠬᠠᠮᠢᠶᠠᠷᠤᠯᠲᠠ︾ ᠶᠢᠨ ᠵᠠᠭᠪᠤᠷ ᠢᠶᠠᠷ ᠤᠯᠠᠨ ᠲᠦᠮᠡᠨ ᠤ ᠪᠠᠴᠢᠮᠳᠠᠵᠤ ᠬᠦᠴᠢᠷᠳᠡᠵᠤ ᠲᠦᠪᠡᠭᠳᠡᠵᠤ ᠬᠦᠰᠡᠵᠤ ᠪᠠᠶᠢᠭ᠎ᠠ ᠠᠰᠠᠭᠤᠳᠠᠯ ᠢ ᠬᠠᠷᠠᠯᠲᠠ ᠲᠠᠢ ᠪᠠᠷ ᠰᠢᠢᠳᠪᠦᠷᠢᠯᠡᠪᠡ᠃ ᠬᠤᠶᠠᠷ ᠲᠤ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠥᠨᠳᠡᠯᠡᠨ ᠲᠣᠭᠤᠷᠢᠭ ᠤᠨ ᠵᠠᠮ ᠤᠨ ᠪᠠᠲᠤᠯᠠᠭ᠎ᠠ ᠶᠢᠨ ᠭᠠᠵᠠᠷ ᠯᠤᠭ᠎ᠠ ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾ ᠤᠨ ᠵᠠᠭᠪᠤᠷ ᠢ ᠪᠠᠶᠢᠭᠤᠯᠵᠤ᠂ ︽ᠵᠠᠮ ᠤᠨ ᠰᠠᠭᠠᠳ ᠤᠨ ᠦᠶᠯᠡᠴᠢᠯᠡᠭᠡᠨ ᠤ ᠸᠢᠴᠠᠲ ᠴᠤᠬᠯᠠᠷᠠᠯ︾ ᠳᠤ ᠲᠦᠰᠢᠭᠯᠡᠨ ︽ᠵᠠᠮ ᠤᠨ ᠬᠠᠮᠢᠶᠠᠷᠤᠭᠴᠢ︾ ᠶᠢᠨ ᠪᠢᠳᠡᠬᠦᠦ ᠭᠤᠬᠴᠤᠭᠠᠲᠦ ᠲᠣᠭᠲᠠᠴᠠ ᠶᠢ ᠪᠠᠶᠢᠭᠤᠯᠵᠤ᠂ ᠬᠦᠰᠡᠯ ᠱᠠᠭᠠᠷᠳᠠᠯᠭ᠎ᠠ ᠶᠢ ᠰᠢᠶᠳᠪᠦᠷᠢᠯᠡᠬᠦ ᠪᠥᠬᠦ ᠶᠠᠪᠤᠴᠠ ᠶᠢᠨ ᠥᠨᠳᠥᠷ ᠪᠦᠲᠦᠮᠵᠢᠲᠡᠶ ᠲᠤᠰᠬᠠᠯ ᠭᠠᠷᠬᠤ ᠶᠢ ᠪᠡᠶᠡᠯᠡᠭᠦᠯᠪᠠ᠃ ᠡᠨᠡ ᠵᠢᠯ ᠨᠢᠭᠡᠨᠲᠡ ᠵᠠᠮ ᠤᠨ ᠬᠡᠰᠡᠭ ᠲᠤ ᠡᠬᠦᠰᠦᠭᠰᠡᠨ 34 ᠤᠳᠠᠭ᠎ᠠ ᠶᠢᠨ ᠭᠡᠨᠡᠳᠲᠡ ᠶᠢᠨ ᠠᠰᠠᠭᠤᠳᠠᠯ ᠢ ᠰᠢᠶᠳᠪᠦᠷᠢᠯᠡᠵᠦ᠂ 4 ᠰᠠᠷ᠎ᠠ ᠶᠢᠨ 11 ᠤ ᠡᠳᠦᠷ 50 ᠭᠠᠷᠤᠶ ᠲᠡᠭᠰᠢ ᠳᠥᠷᠪᠡᠯᠵᠢᠨ ᠮᠧᠲᠷ ᠤᠨ ᠡᠪᠳᠡᠭᠳᠡᠭᠰᠡᠨ ᠵᠠᠮ ᠤᠨ ᠨᠢᠭᠤᠷ ᠢ ᠬᠠᠮᠲᠤᠷᠠᠨ ᠵᠠᠰᠠᠵᠤ᠂ ᠰᠠᠭᠤᠭᠠᠯᠢ ᠠᠷᠠᠳ ᠤᠨ ᠬᠠᠨᠤᠮᠵᠢ ᠲᠠᠢ ᠪᠠᠶᠢᠬᠤ ᠬᠡᠮᠵᠢᠶ᠎ᠡ 99.7% ᠳᠤ ᠬᠦᠷᠴᠡᠶ᠃ ᠭᠤᠷᠪᠠ ᠳᠤ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ ᠬᠠᠮᠲᠤᠷᠠᠯ ᠬᠦᠴᠦᠨ ᠢ ᠨᠢᠭᠲᠠᠷᠠᠭᠤᠯᠵᠤ᠂ 54 ᠲᠠᠯᠠᠪᠤᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠥᠷᠨᠢᠭᠦᠯᠵᠦ 3.5 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ︽ᠲᠦᠭᠵᠢᠷᠡᠯ ᠴᠡᠭ︾ ᠢ ︽ᠬᠠᠨᠤᠮᠵᠢᠲᠠᠢ ᠪᠠᠶᠢᠬᠤ ᠴᠡᠭ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ︵ᠬᠠᠲᠤᠨ ᠭᠤᠣᠯ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号