ᠬᠥᠨᠳᠡᠯᠡᠨ ᠲᠣᠭᠤᠷᠢᠭ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ︽ᠨᠢᠭᠤᠴᠠ ᠲᠦᠯᠬᠢᠭᠦᠷ︾ ᠢ ᠲᠠᠶᠢᠯᠵᠤ᠂ ᠭᠤᠷᠪᠠᠨ ᠠᠷᠭ᠎ᠠ ᠬᠡᠮᠵᠢᠶ᠎ᠡ ᠪᠠᠷ ᠬᠠᠤᠯᠢ ᠪᠠᠷ ᠵᠠᠰᠠᠬᠤ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2025/4/22
   ᠨᠢᠭᠡ ᠳᠤ᠂ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠬᠥᠬᠡ ᠪᠠᠮᠪᠠᠶ ᠠᠰᠠᠭᠤᠯᠳᠠ ᠬᠠᠷᠢᠭᠤᠯᠬᠤ︾ ᠰᠢᠷᠢᠰ ᠰᠢᠭᠤᠳ ᠨᠡᠪᠲᠡᠷᠡᠭᠦᠯᠭᠡ ᠪᠠᠷ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠢᠳᠡᠭᠡᠨ ᠤ ᠨᠡᠮᠡᠯᠲᠡ ᠡᠳ᠋᠂ ᠡᠮ ᠤᠨ ᠵᠦᠶᠯ ᠵᠡᠷᠭᠡ ᠠᠷᠠᠳ ᠤᠨ ᠠᠮᠢᠳᠤᠷᠠᠯ ᠤᠨ 30 ᠭᠠᠷᠤᠶ ᠬᠠᠯᠠᠭᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠷ᠎ᠠ ᠪᠦᠷᠢ 34 ᠤᠳᠠᠭ᠎ᠠ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ + ᠬᠡᠷᠡᠭ ᠤᠨ ᠵᠢᠱᠢᠶ᠎ᠡ ᠶᠢᠨ ᠵᠠᠳᠠᠯᠤᠯᠲᠠ + ᠴᠠᠭ ᠲᠤᠬᠠᠶ ᠳᠤᠨᠢ ᠠᠰᠠᠭᠤᠯᠲᠠ ᠶᠢ ᠬᠠᠷᠢᠭᠤᠯᠬᠤ︾ ᠰᠢᠭᠤᠳ ᠨᠡᠪᠲᠡᠷᠡᠭᠦᠯᠭᠡ ᠶᠢ ᠥᠷᠨᠢᠭᠦᠯᠪᠡ᠃ ᠣᠳᠣᠬᠠᠨ ᠳᠤ 15 ᠬᠤᠭᠤᠴᠠᠭ᠎ᠠ ᠰᠢᠭᠤᠳ ᠨᠡᠪᠲᠡᠷᠡᠭᠦᠯᠵᠦ᠂ ᠨᠡᠶᠢᠲᠡ 2.8 ᠲᠦᠮᠡᠨ ᠬᠥᠮᠦᠨ ᠤᠳᠠᠭ᠎ᠠ ᠳᠤ ᠬᠦᠷᠴᠦ᠂ ᠮᠠᠬᠳᠠᠭᠠᠯ ᠬᠠᠶᠢᠷᠠᠯᠠᠬᠰᠠᠨ ᠬᠡᠮᠵᠢᠶ᠎ᠡ 13.1 ᠲᠦᠮᠡᠨ ᠤᠳᠠᠭ᠎ᠠ ᠳᠤ ᠬᠦᠷᠴᠦ᠂ ᠬᠠᠷᠢᠯᠴᠠᠨ ᠦᠬᠡ ᠦᠯᠡᠳᠡᠭᠡᠭᠰᠡᠨ ᠬᠡᠮᠵᠢᠶ᠎ᠡ 2100 ᠭᠠᠷᠤᠶ ᠵᠤᠷᠪᠤᠰ᠂ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠠᠵᠢᠯ ᠢ ᠨᠠᠷᠢᠯᠢᠭ ᠣᠨᠣᠴᠠᠲᠠᠶ ᠪᠣᠯᠭᠠᠪᠠ᠃ ᠬᠤᠶᠠᠷ ᠲᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠰᠠᠭᠤᠷᠢ ᠶᠢ ᠪᠠᠬᠢᠵᠢᠭᠦᠯᠪᠡ᠃ ︽45 ᠮᠢᠨᠦ᠋ᠲ ᠤᠨ ᠬᠥᠬᠡ ᠪᠠᠮᠪᠠᠶ ᠬᠢᠴᠢᠶᠡᠯ ᠤᠨ ᠲᠠᠩᠬᠢᠮ︾ ᠤᠨ ᠪᠣᠯᠪᠠᠰᠤᠷᠠᠯ ᠤᠨ ᠵᠠᠭᠪᠤᠷ ᠢ ᠬᠡᠷᠡᠭᠵᠢᠭᠦᠯᠵᠦ᠂ ᠭᠠᠷᠠᠭ ᠪᠦᠷᠢ ᠨᠢᠭᠡ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ︽ᠬᠠᠤᠯᠢ ᠲᠣᠭᠲᠠᠭᠠᠯ ᠤᠨ ᠲᠠᠶᠢᠯᠤᠮᠵᠢ + ᠬᠡᠷᠡᠭ ᠤᠨ ᠵᠢᠱᠢᠶ᠎ᠡ ᠶᠢᠨ ᠰᠤᠳᠤᠯᠤᠨ ᠶᠠᠷᠢᠯᠴᠠᠭ᠎ᠠ + ᠳᠠᠭᠤᠷᠢᠶᠠᠮᠠᠯ ᠬᠠᠤᠯᠢ ᠬᠡᠷᠡᠭᠵᠢᠭᠦᠯᠦᠯᠲᠡ︾ ᠪᠠᠷ ᠳᠠᠮᠵᠢᠨ ᠺᠠᠳ᠋ᠷ ᠤᠨ ᠬᠥᠮᠦᠵᠢᠯ ᠢ ᠥᠷᠨᠢᠭᠦᠯᠵᠦ᠂ ᠨᠢᠭᠡᠨᠲᠡ 13 ᠬᠤᠭᠤᠴᠠᠭ᠎ᠠ ᠡᠷᠭᠢᠯᠡᠵᠦ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠵᠡᠷᠭᠡ ᠭᠤᠤᠯ ᠬᠦᠷᠢᠶ᠎ᠡ ᠴᠠᠷᠠᠭ᠎ᠠ ᠶᠢ ᠬᠠᠮᠤᠷᠴᠠᠶ᠃ ᠭᠤᠷᠪᠠ ᠳᠤ᠂ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠪᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠶᠢ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠠᠭᠤᠰᠬᠠᠪᠠ᠃ ︽3 ·15︾᠂ ︽4 ·26︾ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ ᠬᠠᠤᠯᠢ ᠶᠢᠨ ᠮᠡᠳᠡᠯᠬᠡ ᠶᠢ ᠲᠦᠬᠡᠮᠡᠯᠵᠢᠬᠦᠯᠬᠦ ᠭᠤᠤᠯ ᠰᠡᠳᠦᠪᠲᠦ ᠠᠵᠢᠯ ᠢ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠮᠳᠠ ᠲᠤᠬᠠᠶ ᠶᠢᠨ ᠲᠠᠯᠠᠪᠤᠷ ᠲᠤ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠵᠢᠷᠤᠮᠵᠢᠭᠤᠯᠬᠤ ︽ᠬᠤᠶᠠᠷ ᠢ ᠠᠬᠢᠭᠤᠯᠬᠤ︾ ᠶᠢ ᠪᠡᠶᠡᠯᠡᠬᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号