ᠬᠥᠨᠳᠡᠯᠡᠨ ᠲᠣᠭᠤᠷᠢᠭ ᠭᠤᠷᠪᠠᠨ ᠴᠢᠭᠯᠡᠯ ᠢᠶᠠᠷ ᠬᠦᠴᠦᠯᠡᠵᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ ︽ᠲᠦᠷᠭᠡᠨ ᠲᠠᠩᠰᠠᠯᠠᠭᠤᠯᠤᠨ ᠨᠤᠳᠤᠬᠰᠢᠭᠤᠯᠬᠤ︾ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2025/4/22
    ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠬᠥᠨᠳᠡᠯᠡᠨ ᠲᠣᠭᠤᠷᠢᠭ ᠤᠨ ᠬᠢᠨ ︽ᠦᠢᠯᠡᠴᠢᠯᠡᠭᠡ + ᠲᠦᠷᠦ ᠶᠢᠨ ᠪᠤᠳᠤᠯᠭ᠎ᠠ + ᠬᠢᠨᠠᠯᠲᠠ ᠬᠠᠮᠢᠶᠠᠷᠤᠯᠲᠠ︾ ᠭᠤᠷᠪᠠ ᠶᠢ ᠨᠢᠭᠡ ᠴᠤᠬᠴᠠᠵᠢᠭᠤᠯᠤᠬᠰᠠᠨ ᠵᠠᠭᠪᠤᠷ ᠢᠶᠠᠷ ᠢᠳᠡᠭᠡᠨ ᠤᠮᠳᠠᠭᠠᠨ ᠤ ᠠᠵᠤ ᠠᠬᠤᠶᠢᠯᠠᠯ ᠢ ᠲᠠᠩᠰᠠᠯᠠᠭᠤᠯᠤᠨ ᠨᠤᠳᠤᠬᠰᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ᠃ ᠨᠢᠭᠡ ᠳᠤ᠂ ᠡᠬᠦᠳᠡᠨ ᠳᠤᠨᠢ ᠬᠦᠷᠴᠦ ᠦᠢᠯᠡᠴᠢᠯᠡᠵᠦ᠂ ︽ᠳᠣᠲᠣᠨᠣ ᠬᠠᠮᠢᠶᠠᠷᠤᠭᠴᠢ︾ ᠪᠤᠯᠪᠠ᠃ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ 5 ᠬᠤᠳᠠᠯᠳᠤᠭᠠᠨ ᠤ ᠶᠡᠷᠦᠩᠬᠡᠢ ᠴᠣᠭᠴᠠ ᠶᠢ ᠲᠣᠭᠤᠷᠢᠨ ᠰᠤᠷᠪᠤᠯᠵᠢᠯᠠᠵᠤ᠂ 89 ᠢᠳᠡᠭᠡᠨ ᠤᠮᠳᠠᠭᠠᠨ ᠤ ᠠᠵᠤ ᠠᠬᠤᠶᠢᠯᠠᠯ ᠲᠠᠢ ᠵᠤᠯᠭᠠᠯᠴᠠᠨ ᠨᠡᠪᠳᠡᠷᠡᠯᠴᠡᠪᠡ︔ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠶᠯ ᠳᠤ ᠴᠢᠭᠯᠡᠭᠦᠯᠦᠨ᠂ ᠲᠣᠭᠤᠭᠠᠨ ᠬᠡᠷ ᠤᠨ ᠪᠠᠶᠢᠭᠤᠯᠤᠯᠳᠠ ᠶᠢᠨ ᠲᠥᠯᠥᠪᠵᠢᠭᠦᠯᠭᠡ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ︽ᠨᠢᠭᠡ ᠨᠢᠬᠡ ᠪᠠᠷ ᠬᠠᠷᠢᠯᠴᠠᠬᠤ︾ ᠬᠡᠯᠪᠡᠷᠢ ᠪᠠᠷ ᠪᠥᠬᠦ ᠶᠠᠪᠤᠴᠠ ᠶᠢᠨ ᠵᠢᠯᠣᠭᠤᠳᠣᠯᠭ᠎ᠠ ᠬᠠᠩᠭᠠᠵᠤ᠂ ᠲᠣᠭᠲᠠᠭᠠᠯ ᠳᠤ ᠨᠠᠶᠢᠴᠡᠬᠦᠯᠦᠨ ᠬᠠᠮᠢᠶ᠎ᠠ ᠪᠦᠬᠦᠢ ᠲᠦᠭᠰᠢᠭᠦᠷᠢ ᠠᠴᠠ ᠵᠠᠶᠢᠯᠠᠭᠤᠯᠪᠠ᠃ ᠬᠤᠶᠠᠷ ᠲᠤ᠂ ᠲᠥᠷᠥ ᠶᠢᠨ ᠪᠣᠳᠣᠯᠭ᠎ᠠ ᠪᠠᠷ ᠬᠠᠮᠠᠭᠠᠯᠠᠵᠤ᠂ ︽ᠰᠠᠭᠠᠳ ᠥᠬᠡᠶ ᠨᠡᠪᠲᠡᠷᠡᠬᠦ ᠵᠠᠮ︾ ᠢ ᠨᠡᠬᠡᠬᠡᠪᠡ᠃ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠭᠡᠷᠡᠴᠢ ᠦᠨᠡᠮᠯᠡᠯ ᠢ ︽ᠵᠡᠷᠭᠡ ᠳᠤᠨᠢ ᠬᠢᠨᠠᠨ      ᠵᠥᠪᠰᠢᠶᠡᠷᠡᠬᠦ︾ ᠶᠢ ᠬᠡᠷᠡᠭᠵᠢᠭᠦᠯᠦᠨ᠂ ᠡᠵᠡᠩᠨᠡᠯᠲᠡ ᠶᠢᠨ ᠦᠨᠡᠮᠯᠡᠯ ᠬᠢᠭᠡᠳ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 95% ᠪᠠᠷ ᠪᠣᠭᠤᠨᠢᠰᠬᠠᠪᠠ᠃ ᠬᠠᠮ ᠲᠥᠷᠥ ᠶᠢᠨ ᠪᠣᠳᠣᠯᠭ᠎ᠠ ᠶᠢ ᠲᠣᠭᠲᠠᠭᠠᠨ᠂ ᠲᠦᠷᠦ ᠶᠢᠨ ᠪᠤᠳᠤᠯᠭ᠎ᠠ ᠶᠢ ᠵᠢᠷᠤᠮᠵᠢᠩᠭᠤᠢ ᠤᠶᠢᠯᠠᠭᠠᠬᠤ᠂ ᠬᠠᠩᠭᠠᠯᠭ᠎ᠠ ᠶᠢᠨ ᠬᠡᠯᠬᠢᠶ᠎ᠡ ᠶᠢ ᠵᠣᠯᠭᠠᠭᠤᠯᠬᠤ ᠵᠡᠷᠭᠡ ᠦᠶᠯᠡᠴᠢᠯᠡᠭᠡ ᠬᠠᠩᠭᠠᠵᠤ᠂ ᠨᠢᠭᠡᠨᠲᠡ 28 ᠠᠵᠤ ᠠᠬᠤᠶᠢᠯᠠᠯ ᠤᠨ ᠭᠡᠷᠡᠴᠢ ᠦᠨᠡᠮᠯᠡᠯ ᠭᠦᠶᠴᠡᠳᠬᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ 14 ᠬᠢᠨᠠᠨ ᠵᠥᠪᠰᠢᠶᠡᠷᠡᠬᠦ ᠬᠦᠴᠢᠷ ᠠᠰᠠᠭᠤᠳᠠᠯ ᠢ ᠰᠢᠶᠳᠪᠦᠷᠢᠯᠡᠪᠡ᠃ ᠭᠤᠷᠪᠠ ᠳᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠡᠷᠬᠡᠶᠢᠯᠡᠯᠳᠡ ᠶᠢᠨ ᠬᠠᠯᠬᠠᠪᠴᠢ︾ ᠶᠢ ᠪᠠᠬᠢᠵᠢᠭᠦᠯᠪᠡ᠃ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ ︽ᠢᠯᠡ ᠪᠠᠶᠢᠯᠭᠠᠬᠤ ᠢᠳᠡᠭᠡᠨ ᠤᠮᠳᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ︾ ᠶᠢᠨ ᠲᠠᠪᠴᠠᠩ ᠢ ᠳᠡᠯᠭᠡᠷᠡᠭᠦᠯᠵᠦ᠂ ᠣᠯᠠᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠪᠡ᠃ ᠢᠳᠡᠭᠡᠨ ᠤ ᠠᠮᠤᠷ ᠲᠦᠪᠰᠢᠨ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠲᠤᠰᠬᠠᠶ ᠮᠡᠷᠭᠡᠵᠢᠯᠲᠡᠨ ᠢ ᠤᠷᠢᠵᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤ ᠲᠦᠷᠭᠡᠨ ᠵᠣᠬᠢᠴᠠᠬᠤ ᠶᠢ ᠵᠢᠯᠤᠭᠤᠳᠤᠭᠤᠯᠪᠠ᠃ ᠢᠳᠡᠭᠡᠨ ᠤ ᠮᠠᠲ᠋ᠧᠷᠢᠶᠠᠯ ᠤᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ 28 ᠢᠳᠡᠭᠡᠨ ᠤᠮᠳᠠᠭᠠᠨ ᠤ ᠠᠵᠤ ᠠᠬᠤᠶᠢᠯᠠᠯ ᠬᠢᠭᠡᠳ ᠲᠣᠰ ᠭᠠᠵᠠᠷ ᠤᠨ ᠬᠠᠩᠭᠠᠯᠭ᠎ᠠ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号