ᠪᠠᠭᠠᠴᠤᠤᠯ ᠵᠠᠮ ᠵᠡᠭᠡᠯᠢ ᠭᠤᠳᠤᠮᠵᠢ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠰᠢᠶᠳᠪᠦᠷᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/26
    ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠬᠠᠮᠢᠶᠠᠷᠬᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠯᠳᠠᠭᠤᠷ ᠲᠡᠭᠡᠭᠡᠪᠦᠷᠢᠯᠡᠵᠦ ᠳᠤᠷ᠎ᠠ ᠪᠠᠷ ᠢᠶᠠᠨ ᠬᠠᠶᠠᠬᠤ᠂ ᠪᠠᠷᠢᠯᠭ᠎ᠠ ᠶᠢᠨ ᠬᠤᠭ ᠨᠣᠪᠰᠢ ᠶᠢ ᠬᠠᠤᠯᠢ ᠠᠴᠠ ᠵᠥᠷᠢᠴᠡᠨ ᠰᠢᠶᠳᠪᠦᠷᠢᠯᠡᠬᠦ ᠵᠡᠷᠭᠡ ᠵᠦᠢ ᠵᠣᠬᠢᠰ ᠥᠬᠡᠶ ᠦᠶᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠤᠰᠠᠳᠠ᠂ ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠤᠨ ᠬᠡᠪᠡᠯᠢ ᠶᠢᠨ ᠬᠠᠮᠢᠶᠠᠷᠤᠯᠲᠠ ᠶᠢᠨ ᠳᠤᠮᠳᠠ ᠠᠩᠭᠢ ᠲᠠᠢ ᠬᠤᠯᠪᠤᠭᠠᠯᠠᠨ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠰᠢᠶᠳᠪᠦᠷᠢᠯᠡᠬᠦ ᠶᠢ ᠵᠢᠷᠤᠮᠵᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃     ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠨᠡᠶᠢᠭᠡᠮ ᠲᠣᠭᠤᠷᠢᠭ ᠤᠨ ᠠᠵᠢᠯᠲᠠᠨ ᠡᠬᠦᠳᠡᠨ ᠳᠤᠨᠢ ᠬᠦᠷᠴᠦ ᠤᠬᠠᠭᠤᠯᠬᠤ ᠪᠠᠷ ᠳᠠᠮᠵᠢᠨ᠂ ᠥᠷᠭᠡᠨ ᠣᠯᠠᠨ ᠰᠠᠭᠤᠭᠠᠯᠢ ᠠᠷᠠᠳ ᠲᠤ ᠲᠦᠷ ᠴᠠᠭ ᠤᠨ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠨ ᠲᠠᠯᠪᠢᠬᠤ ᠲᠠᠯᠠᠪᠤᠷ ᠭᠠᠵᠠᠷ᠂ ᠪᠠᠷᠢᠯᠭ᠎ᠠ ᠶᠢᠨ ᠬᠤᠭ ᠨᠣᠪᠰᠢ ᠶᠢ ᠰᠢᠶᠳᠪᠦᠷᠢᠯᠡᠬᠦ ᠶᠠᠪᠤᠴᠠ ᠶᠢ ᠮᠡᠳᠡᠭᠳᠡᠵᠦ᠂ ᠬᠢᠨᠠᠨ ᠵᠥᠪᠰᠢᠶᠡᠷᠡᠭᠦᠯᠦᠭᠰᠡᠨ ᠦᠭᠡᠶ ᠪᠠᠷ ᠳᠤᠷ᠎ᠠ ᠪᠠᠷ ᠢᠶᠠᠨ ᠰᠢᠶᠳᠪᠦᠷᠢᠯᠡᠬᠦ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠬᠤ ᠵᠡᠷᠭᠡ ᠦᠢᠯᠡ ᠠᠵᠢᠯᠯᠠᠭ᠎ᠠ ᠶᠢᠨ ᠡᠭᠦᠷᠭᠡᠯᠡᠬᠦ ᠴᠢᠬᠤᠯᠠᠲᠠᠶ ᠬᠠᠤᠯᠢ ᠴᠠᠭᠠᠵᠠ ᠶᠢᠨ ᠦᠷ᠎ᠡ ᠳ᠋ᠦᠩ ᠢ ᠭᠤᠣᠯᠯᠠᠨ ᠴᠢᠬᠤᠯᠠᠴᠢᠯᠠᠵᠤ᠂ ᠡᠯ᠎ᠡ ᠲᠠᠯ᠎ᠠ ᠶᠢᠨ ᠬᠢᠨ ᠤ ᠦᠵᠡᠯ ᠰᠠᠨᠠᠭ᠎ᠠ     ᠲᠠᠨᠢᠯᠲᠠ ᠪᠠᠨ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠬᠦᠴᠦᠲᠡᠶ ᠬᠥᠲᠥᠯᠥᠨ ᠵᠢᠯᠣᠭᠤᠳᠪᠠ᠃     ᠡᠭᠦᠨ ᠤ ᠬᠠᠮᠲᠤ᠂ ᠬᠠᠤᠯᠢ ᠬᠡᠷᠡᠭᠵᠢᠭᠦᠯᠦᠭᠴᠢ ᠠᠴᠠ ᠠᠳᠠᠯ ᠠᠬᠤᠶ ᠶᠢᠨ ᠬᠠᠮᠢᠶᠠᠷᠤᠯᠳᠠ ᠶᠢᠨ ᠺᠣᠮᠫᠠᠨᠢ ᠶᠢ ᠬᠤᠷᠢᠶᠠᠯᠠᠯ ᠤᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠠᠮᠪᠠᠷ᠎ᠠ ᠳᠡᠭᠡᠷ᠎ᠡ ᠪᠠᠷᠢᠯᠭ᠎ᠠ ᠶᠢᠨ ᠬᠤᠭ ᠨᠣᠪᠰᠢ ᠶᠢᠨ ᠤᠬᠠᠭᠤᠯᠭ᠎ᠠ ᠶᠢᠨ ᠮᠡᠳᠡᠯᠭᠡ ᠶᠢ ᠨᠠᠭᠠᠵᠤ᠂ ᠰᠠᠭᠤᠭᠠᠯᠢ ᠠᠷᠠᠳ ᠤᠨ ᠲᠣᠰ ᠪᠡᠶ᠎ᠡ ᠠᠴᠠ ᠪᠠᠨ ᠡᠬᠢᠯᠡᠨ ᠬᠢᠬᠦ ᠶᠢ ᠵᠣᠷᠢᠭᠵᠢᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠰᠢᠶᠳᠪᠦᠷᠢᠯᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠠᠳᠠᠯ ᠠᠬᠤᠶ ᠶᠢᠨ ᠬᠠᠮᠢᠶᠠᠷᠤᠯᠳᠠ ᠶᠢᠨ ᠺᠣᠮᠫᠠᠨᠢ ᠶᠢᠨ ᠬᠤᠷᠢᠶᠠᠯᠠᠯ ᠳᠤ ᠲᠤᠰᠬᠠᠶᠢᠯᠠᠨ ᠬᠡᠷ ᠪᠠᠶᠢᠰᠢᠩ ᠵᠠᠰᠠᠵᠤ ᠴᠢᠮᠡᠭᠯᠡᠬᠦ ᠳᠤ ᠭᠠᠷᠤᠬᠰᠠᠨ ᠬᠤᠭ ᠨᠣᠪᠰᠢ ᠪᠠᠨ ᠲᠦᠷ ᠴᠠᠭ ᠬᠠᠳᠠᠭᠠᠯᠠᠵᠤ ᠲᠠᠯᠪᠢᠬᠤ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠬᠢᠷᠢ ᠬᠡᠮ ᠪᠦᠬᠦᠢ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠳᠤ ᠨᠠᠶᠢᠳᠠᠵᠤ ᠬᠢᠨᠠᠨ ᠵᠥᠪᠰᠢᠶᠡᠷᠡᠬᠦ ᠭᠠᠷᠳᠠᠮ ᠢ ᠭᠦᠶᠴᠡᠳᠬᠡᠭᠰᠡᠨ ᠤ ᠳᠠᠷᠠᠭ᠎ᠠ ᠰᠠᠶ᠋ᠢ ᠲᠡᠭᠡᠭᠡᠪᠦᠷᠢᠯᠡᠵᠦ ᠪᠣᠯᠬᠤ ᠶᠢ ᠱᠠᠭᠠᠷᠳᠠᠪᠠ᠃     ᠰᠠᠭᠤᠭᠠᠯᠢ ᠠᠷᠠᠳ ᠤᠨ ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠪᠠᠰᠠ ᠢᠯᠡᠴᠢᠯᠡᠨ ᠮᠡᠳᠡᠭᠦᠯᠬᠦ ᠤᠲᠠᠰᠤ ᠨᠡᠶᠢᠲᠡᠯᠡᠵᠦ᠂ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ ᠶᠢ ᠲᠤᠷ᠎ᠠ ᠪᠠᠷ ᠢᠶᠠᠨ ᠬᠠᠶᠠᠭᠰᠠᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠪᠡ᠃ ᠬᠢᠨᠠᠨ ᠬᠠᠷᠭᠤᠭᠤᠯᠤᠭᠰᠠᠨ ᠢᠯᠡᠴᠢᠯᠡᠨ ᠮᠡᠳᠡᠭᠦᠯᠦᠯᠲᠡ ᠶᠢ ᠨᠡᠶᠢᠭᠡᠮ ᠲᠣᠭᠤᠷᠢᠭ ᠠᠴᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠠᠷᠢᠭᠤ ᠲᠤᠰᠬᠠᠵᠤ ᠲᠣᠭᠲᠠᠭᠠᠯ ᠶᠣᠰᠣᠭᠠᠷ ᠰᠢᠶᠳᠪᠦᠷᠢᠯᠡᠵᠦ᠂ ᠪᠥᠬᠦ ᠠᠷᠠᠳ ᠢᠶᠠᠷ ᠢᠶᠠᠨ ᠣᠷᠣᠯᠴᠠᠵᠤ᠂ ᠬᠠᠮᠲᠤ ᠪᠠᠷ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号