ᠬᠥᠨᠳᠡᠯᠡᠨ ᠲᠣᠭᠤᠷᠢᠭ ︽5·1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
   4 ᠰᠠᠷ᠎ᠠ ᠶᠢᠨ 24 ᠤ ᠡᠳᠦᠷ᠂ ᠬᠥᠨᠳᠡᠯᠡᠨ ᠲᠣᠭᠤᠷᠢᠭ ︽5·1︾ ᠤ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ ᠪᠥᠬᠦ ᠲᠤᠭᠤᠷᠢᠭ ᠤᠨ ᠠᠳᠠᠯᠢ ᠪᠤᠰᠤ ᠠᠵᠢᠯ ᠲᠥᠷᠥᠯ ᠤᠨ ᠬᠦᠷᠢᠶᠡᠨ ᠳᠠᠬᠢ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃
   ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠤᠭᠤᠷᠢᠭ ᠤᠨ ᠨᠠᠮ ᠤᠨ ᠬᠤᠷᠢᠶ᠎ᠡ᠂     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ᠂ ᠪᠦᠬᠦ ᠲᠤᠭᠤᠷᠢᠭ ᠤᠨ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠶᠡᠷᠦᠩᠬᠡᠶ ᠱᠦᠵᠢ ᠰᠢ ᠶᠢᠨ ᠫᠢᠩ ᠤᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭᠠᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠠᠨ ᠢᠶᠠᠷ ᠳᠠᠭᠤᠷᠢᠶᠠᠯ ᠪᠣᠯᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠭᠤᠤᠯ ᠬᠦᠴᠦᠨ ᠴᠡᠷᠢᠭ ᠪᠣᠯᠬᠤ ᠬᠡᠷᠡᠭᠲᠡᠶ᠃ ᠡᠯ᠎ᠡ ᠱᠠᠲᠤᠨ ᠤ ᠠᠵᠢᠯᠴᠢᠨ ᠤ ᠡᠪᠯᠡᠯ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠳᠠᠨ ᠠᠵᠢᠯᠴᠢᠨ ᠲᠦᠮᠡᠨ ᠳᠤ ᠰᠠᠶᠢᠨ ᠶᠠᠪᠤᠳᠠᠯ᠂ ᠪᠤᠳᠠᠳᠤ ᠶᠠᠪᠤᠳᠠᠯ ᠬᠢᠵᠦ ᠥᠭᠬᠦ ᠬᠡᠷᠡᠭᠲᠡᠢ ᠬᠡᠵᠡᠢ᠃
   ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠶᠢᠨ ᠱᠣ᠋ ᠾᠧᠩ ᠬᠤᠷᠠᠯ ᠳᠤ ᠣᠷᠣᠯᠴᠠᠪᠠ᠃ ᠲᠣᠭᠤᠷᠢᠭ ᠤᠨ ᠳᠥᠷᠪᠡᠨ ᠪᠠᠭ ᠤᠨ ᠤᠳᠤᠷᠢᠳᠬᠤ ᠨᠥᠬᠦᠳ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠥᠮᠦᠰ ᠬᠤᠷᠠᠯ ᠳᠤ ᠣᠷᠣᠯᠴᠠᠪᠠ᠃
    ︵ᠰᠤᠷᠪᠤᠯᠵᠢᠯᠠᠭᠴᠢ᠄ ᠹᠧᠩ ᠰᠢᠤᠸᠠᠢ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号