ᠬᠤ᠋ ᠴᠢᠶᠠᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠰᠢᠨ ᠤᠤ ᠮᠧᠩ ᠬᠤᠸᠠ᠂ ᠵᠢᠩ ᠷᠦᠢ ᠰᠢᠨ᠎ᠡ ᠮᠠᠲ᠋ᠧᠷᠢᠶᠠᠯ᠂ ᠰᠢᠨ ᠶᠧ ᠰᠢᠨ᠎ᠡ ᠮᠠᠲ᠋ᠧᠷᠢᠶᠠᠯ᠂ ᠯᠧ ᠴᠧᠩ᠂ ᠪᠸᠢ ᠴᠧᠩ᠂ ᠰᠢᠨ ᠲᠢᠶᠠᠨ ᠳ᠋ᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ᠂ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠢ ᠱᠠᠯᠠᠪᠳᠠᠭᠤᠯᠤᠨ ᠰᠠᠶᠢᠲᠤᠷ ᠠᠳᠬᠤᠵᠤ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ᠂ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠳᠬᠡᠨ ᠪᠠᠶᠢᠭᠤᠯᠬᠤ ᠶᠢ ᠠᠬᠢᠭᠤᠯᠪᠠ᠃     ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠵᠧᠦ ᠬᠠᠢ ᠹᠸᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠰᠢᠶᠤᠤ ᠯᠢ ᠶᠢᠩ    ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号