ᠪᠡᠯᠴᠢᠬᠡᠷᠯᠡᠬᠦᠯᠬᠦ ᠶᠢ ᠴᠠᠭᠠᠵᠠᠯᠠᠬᠤ ᠤᠬᠠᠭᠤᠯᠭ᠎ᠠ ᠶᠢ ᠴᠢᠩᠭᠠᠳᠬᠠᠵᠤ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠲᠤᠪᠠᠷ ᠬᠠᠮᠠᠭᠠᠯᠠᠶ᠎ᠠ
ᠨᠡᠶᠢᠲᠡᠯᠡᠭᠰᠡᠨ ᠴᠠᠭ᠄
2025/4/3
    ᠺᠦᠨ ᠪᠸᠢ ᠵᠡᠭᠡᠯᠢ ᠭᠤᠳᠤᠮᠵᠢ ᠶᠢᠨ ᠬᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢ ᠤᠷᠢᠵᠤ ᠺᠦᠨ ᠪᠸᠢ ᠵᠡᠭᠡᠯᠢ ᠭᠤᠳᠤᠮᠵᠢ ᠶᠢᠨ ᠬᠡᠷᠡᠮ ᠲᠣᠰᠬᠤᠨ ᠤ ᠵᠥᠪᠯᠡᠯ ᠳᠤ ᠬᠦᠷᠴᠦ ᠬᠠᠮᠲᠤ ᠪᠠᠷ ᠮᠠᠯᠵᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 50 ᠭᠠᠷᠤᠶ ᠲᠡᠵᠢᠭᠡᠨ ᠦᠷᠡᠵᠢᠭᠦᠯᠬᠦ ᠡᠷᠦᠬᠡ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢ ᠠᠰᠢᠭᠯᠠᠨ ᠲᠣᠰᠬᠤᠨ ᠤ ᠠᠷᠠᠳ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠴᠢᠬᠤᠯᠠ ᠴᠢᠨᠠᠷ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠵᠠᠶ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ ᠡᠶ᠎ᠡ ᠵᠣᠬᠢᠴᠠᠩᠭᠤᠶ ᠬᠡᠷ ᠣᠷᠣᠨ ᠢᠶᠠᠨ ᠪᠥᠲᠥᠭᠡᠨ ᠪᠠᠶᠢᠭᠤᠯᠤᠶ᠎ᠠ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ ᠶᠢ ᠰᠤᠷᠤᠯᠴᠠᠨ ᠲᠤᠭᠤᠰᠢᠯᠠᠭᠤᠯᠤᠶ᠎ᠠ︾ ᠬᠡᠬᠦ ᠵᠡᠷᠭᠡ ᠢᠯᠡ ᠦᠵᠡᠭᠳᠡᠬᠦ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠠᠬᠢᠨ ᠬᠠᠮᠠᠭᠠᠯᠠᠬᠤ ᠡᠷᠴᠢ ᠵᠣᠷᠢᠭ ᠢ ᠳᠠᠮᠵᠢᠭᠤᠯᠪᠠ᠃ ︽ᠨᠤᠲᠤᠭ ᠪᠡᠯᠴᠢᠭᠡᠷ ᠤᠨ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠲᠣᠭᠲᠠᠭᠠᠯ ᠤᠨ ᠲᠤᠬᠠᠶ ᠲᠠᠶᠢᠯᠤᠮᠵᠢ ᠬᠢᠬᠦ ᠪᠠᠷ ᠳᠠᠮᠵᠢᠨ᠂ ᠮᠠᠯᠴᠢᠨ ᠲᠠᠷᠢᠶᠠᠴᠢᠳ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠠᠴᠢ ᠬᠤᠯᠪᠣᠭᠳᠠᠯ ᠢ ᠨᠠᠷᠢᠨ ᠣᠶᠢᠯᠠᠭᠠᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠢ ᠨᠤᠲᠤᠭ ᠪᠡᠯᠴᠢᠭᠡᠷ ᠤᠨ ᠠᠮᠢ ᠠᠬᠤᠶ ᠬᠢᠭᠡᠳ ᠮᠠᠯ ᠠᠵᠤ ᠠᠬᠤᠶ ᠶᠢᠨ ᠬᠥᠭᠵᠢᠯᠲᠡ ᠶᠢᠨ ᠦᠷᠭᠦᠯᠵᠢᠯᠡᠬᠦ ᠲᠡᠩᠴᠡᠭᠦᠷᠢᠲᠡᠶ ᠪᠠᠶᠢᠬᠤ ᠶᠢ ᠪᠡᠶᠡᠯᠡᠭᠦᠯᠬᠦ ᠶᠢᠨ ᠲᠥᠯᠥᠭᠡ ᠶᠤᠮ᠂ ᠪᠡᠯᠴᠢᠭᠡᠷ ᠤᠨ ᠲᠠᠭᠠᠭᠠᠴᠠ ᠠᠴᠠ ᠬᠡᠲᠦᠷᠠᠳᠠᠯ᠎ᠠ ᠪᠡᠯᠴᠢᠭᠡᠷᠯᠡᠭᠦᠯᠬᠦ ᠨᠢ ᠨᠤᠲᠤᠭ ᠪᠡᠯᠴᠢᠭᠡᠷ ᠢ ᠬᠦᠨᠳᠦ ᠳᠠᠷᠤᠭᠠᠰᠤ ᠶᠢ ᠳᠠᠭᠠᠭᠠᠬᠤ ᠥᠬᠡᠶ ᠪᠣᠯᠭᠠᠵᠤ᠂ ᠤᠷᠭᠤᠮᠠᠯ ᠤᠨ ᠬᠤᠴᠢᠯᠭ᠎ᠠ ᠶᠢ ᠡᠪᠳᠡᠵᠦ᠂ ᠭᠠᠵᠠᠷ ᠰᠢᠷᠣᠶ ᠶᠢ ᠡᠯᠡᠰᠦᠷᠭᠡᠭᠵᠢᠬᠦᠯᠵᠤ᠂ ᠡᠴᠦᠰ ᠲᠡᠭᠡᠨ ᠣᠯᠠᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠ ᠠᠯᠤᠰ ᠬᠡᠲᠦ ᠶᠢᠨ ᠠᠵᠤ ᠠᠮᠢᠳᠤᠷᠠᠯ ᠢ ᠨᠥᠯᠥᠭᠡᠯᠡᠬᠦ ᠪᠣᠯᠤᠨ᠎ᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠲᠣᠰᠬᠤᠨ ᠤ ᠠᠷᠠᠳ ᠪᠡᠯᠴᠢᠬᠡᠷᠯᠡᠬᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠳᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠠᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号