ᠨᠢᠭᠡ ᠳᠤ᠂ ᠸᠢᠴᠠᠲ ᠴᠤᠭᠯᠠᠷᠠᠯ᠂ ᠵᠠᠷᠯᠠᠨ ᠨᠡᠶᠢᠲᠡᠯᠡᠬᠦ ᠪᠤᠯᠤᠩ ᠵᠢᠴᠢ ᠲᠣᠰᠬᠤᠨ ᠤ ᠱᠠᠲᠤᠨ ᠤ ᠷᠠᠳᠢᠣ᠋ | ᠨᠡᠪᠲᠡᠷᠡᠭᠦᠯᠭᠡ ᠵᠡᠷᠭᠡ ᠠᠷᠭ᠎ᠠ ᠵᠠᠮ ᠢ ᠠᠰᠢᠭᠯᠠᠨ ᠦᠯᠡᠳᠡᠭᠳᠡᠯ ᠰᠦᠯᠢᠶᠤᠤ ᠪᠦᠷᠬᠦᠪᠴᠢ ᠶᠢᠨ ᠪᠣᠬᠢᠷᠲᠤᠯ ᠤᠨ ᠬᠤᠤᠷ | ᠬᠥᠨᠥᠭᠡᠯ ᠤᠨ ᠮᠡᠳᠡᠯᠭᠡ ᠢ ᠲᠠᠶᠢᠯᠪᠤᠷᠢᠯᠠᠨ ᠲᠦᠭᠡᠮᠡᠯᠵᠢᠭᠦᠯᠵᠦ᠂ ︽ᠲᠠᠷᠢᠶᠠᠯᠠᠩ ᠤᠨ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠮᠡᠳᠡᠭᠳᠡᠯ ᠤᠨ ᠪᠢᠴᠢᠭ︾ ᠢ ᠲᠠᠷᠬᠠᠭᠠᠵᠤ᠂ 297 ᠲᠠᠷᠢᠶᠠᠴᠢᠨ ᠡᠷᠦᠬᠡ ᠶᠢ ᠬᠠᠮᠤᠷᠪᠠ᠃ | ᠬᠤᠶᠠᠷ ᠲᠤ᠂ ᠬᠠᠶᠠᠬᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ | ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠡᠷᠦᠬᠡ ᠪᠠᠷ ᠨᠢᠭᠡᠴᠢ ᠪᠣᠯᠭᠠᠨ ᠰᠦᠯᠢᠶᠣᠣ | ᠪᠦᠷᠬᠦᠪᠴᠢ ᠬᠡᠷᠡᠭᠯᠡᠬᠦ ᠬᠡᠮᠵᠢᠶ᠎ᠡ᠂ ᠬᠤᠷᠢᠶᠠᠨ ᠠᠪᠬᠤ ᠬᠡᠮᠵᠢᠶ᠎ᠡ ᠵᠢᠴᠢ ᠰᠢᠢᠳᠪᠦᠷᠢᠯᠡᠵᠤ ᠬᠠᠮᠢᠭ᠎ᠠ ᠠᠪᠠᠴᠢᠵᠤ | ᠬᠠᠶᠠᠬᠰᠠᠨ ᠭᠠᠵᠠᠷ ᠢ ᠲᠡᠮᠳᠡᠭᠯᠡᠵᠦ᠂ ᠲᠠᠷᠢᠮᠠᠯ ᠤᠨ ᠡᠷᠦᠬᠡ ᠶᠢ ᠱᠠᠯᠠᠪᠳᠠᠭᠤᠯᠵᠤ ᠬᠠᠶᠠᠬᠳᠠᠮᠠᠯ ᠬᠠᠭᠤᠴᠢᠨ | ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦᠯᠦᠨ᠂ ᠬᠥᠳᠡᠯᠦᠩᠭᠦᠶ ᠬᠢᠨᠠᠯᠲᠠ | ᠬᠠᠮᠢᠶᠠᠷᠤᠯᠲᠠ ᠶᠢ ᠪᠦᠷᠬᠦᠬᠦᠯᠬᠦ ᠨᠣᠷᠮ᠎ᠠ ᠶᠢ 100% ᠳᠤ ᠬᠦᠷᠭᠡᠪᠠ᠃ ᠭᠤᠷᠪᠠ ᠳᠤ᠂ ᠤᠯᠠᠯᠵᠢ ᠬᠤᠶᠠᠳᠤᠭᠠᠷ | ᠲᠣᠰᠬᠤᠨ᠂ ᠳᠤᠤᠷ᠎ᠠ ᠲᠠᠯᠠᠨ ᠪᠤᠯᠠᠭ ᠲᠣᠰᠬᠤᠨ ᠵᠡᠷᠭᠡ 6 ᠲᠠᠷᠢᠮᠠᠯ ᠤᠨ ᠭᠤᠤᠯ ᠪᠣᠯᠬᠤ ᠲᠠᠷᠢᠮᠠᠯ ᠤᠨ ᠲᠣᠰᠬᠤᠨ ᠳᠤ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠥᠷᠲᠡᠭᠡ ᠴᠡᠭ ᠪᠠᠶᠢᠭᠤᠯᠵᠤ ᠲᠦᠷ | ᠬᠠᠳᠠᠭᠠᠯᠠᠵᠤ᠂ ᠳᠠᠬᠢᠨ ᠠᠮᠢᠳᠤᠷᠠᠯ ᠤᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠳᠤ | ᠰᠢᠯᠵᠢᠭᠦᠯᠦᠨ ᠰᠢᠢᠳᠪᠦᠷᠢᠯᠡᠵᠤ᠂ ︽ᠲᠥᠪᠯᠡᠷᠡᠭᠦᠯᠦᠨ ᠲᠦᠷ ᠬᠠᠳᠠᠭᠠᠯᠠᠬᠤ — ᠲᠣᠭᠲᠠᠭᠰᠠᠨ ᠴᠠᠭ ᠲᠤ | ᠰᠢᠯᠵᠢᠭᠦᠯᠦᠨ ᠲᠡᠭᠡᠭᠡᠪᠦᠷᠢᠯᠡᠬᠦ — ᠲᠣᠭᠲᠠᠭᠰᠠᠨ ᠭᠠᠵᠠᠷ ᠲᠤ ᠰᠢᠢᠳᠪᠦᠷᠢᠯᠡᠬᠦ︾ ᠪᠥᠬᠦ ᠬᠡᠯᠬᠢᠶ᠎ᠡ ᠶᠢᠨ | ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠪᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤ ᠨᠢᠭᠡᠨᠲᠡ 4500 ᠮᠥ | ᠲᠠᠷᠢᠶᠠᠨ ᠳᠠᠬᠢ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠴᠤ᠂ ᠪᠠᠷᠤᠭ 14.4 ᠲᠣᠨ | ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠰᠢᠢᠳᠪᠦᠷᠢᠯᠡᠪᠡ᠃ ︵ᠪᠤᠷᠬᠠᠨᠲᠤ ᠪᠠᠯᠭᠠᠰᠤ︶ |