ᠬᠥᠨᠳᠡᠯᠡᠨ ᠲᠣᠭᠤᠷᠢᠭ ︽5·1︾ ᠤ ᠬᠤᠭᠤᠴᠠᠭᠠᠨ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠤ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/5/12
     4 ᠰᠠᠷ᠎ᠠ ᠶᠢᠨ 23 ᠤ ᠡᠳᠦᠷ ᠠᠴᠠ 5 ᠰᠠᠷ᠎ᠠ ᠶᠢᠨ 7 ᠤ ᠡᠳᠦᠷ ᠪᠣᠯᠲᠠᠯ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠠᠴᠠ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠠᠮ ᠳᠡᠯᠭᠡᠭᠦᠷ᠂ ᠬᠤᠭᠤᠯᠠᠨ ᠬᠡᠷ᠂ ᠢᠳᠡᠭᠡᠨ ᠤᠮᠳᠠᠭᠠᠨ ᠤ ᠳᠡᠯᠭᠡᠭᠦᠷ᠂ ᠵᠢᠵᠢᠭ ᠦᠶᠯᠡᠳᠬᠡᠯ ᠤᠨ ᠭᠠᠵᠠᠷ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ ᠴᠢᠭᠯᠡᠭᠦᠯᠦᠨ᠂ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠤᠨ ᠪᠦᠷᠢᠨ ᠭᠦᠶᠴᠡᠳ᠂ ᠬᠦᠴᠦᠨ ᠲᠠᠢ ᠪᠠᠶᠢᠬᠤ ᠡᠰᠡᠬᠦ︔ ︽ᠭᠤᠷᠪᠠ ᠦᠭᠡᠶ︾᠂ ᠬᠡᠷᠡᠭᠯᠡᠵᠤ ᠪᠤᠯᠬᠤ ᠬᠤᠭᠤᠴᠠᠭ᠎ᠠ ᠨᠢ ᠬᠡᠲᠦᠷᠡᠭᠰᠡᠨ ᠪᠠ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠤ ᠵᠦᠢᠯ ᠦᠢᠯᠡᠳᠪᠦᠷᠢᠯᠡᠨ ᠪᠤᠷᠤᠯᠠᠭᠤᠯᠬᠤ ᠪᠠᠶᠢᠳᠠᠯ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ    ᠰᠢᠯᠭᠠᠪᠠ︔ ᠲᠦᠭᠦᠬᠡᠶ ᠮᠠᠲ᠋ᠧᠷᠢᠶᠠᠯ ᠢ ᠬᠠᠳᠠᠭᠠᠯᠠᠬᠤ᠂ ᠲᠣᠭᠤᠭᠠᠨ ᠭᠡᠷ ᠤᠨ ᠡᠷᠡᠭᠦᠯ ᠬᠠᠮᠠᠭᠠᠯᠠᠯ ᠤᠨ ᠪᠠᠶᠢᠳᠠᠯ ᠵᠡᠷᠭᠡ ᠲᠠᠯ᠎ᠠ ᠪᠠᠷ ᠢᠳᠡᠭᠡᠨ ᠤ ᠵᠦᠢᠯ ᠤᠨ ᠠᠶᠤᠯ ᠦᠭᠡᠶ ᠶᠢ ᠡᠬᠢ ᠡᠭᠦᠰᠦᠯ ᠠᠴᠠ ᠨᠢ ᠪᠠᠲᠤᠯᠠᠬᠤ ᠶᠢ ᠦᠨᠡᠨᠬᠦ ᠪᠠᠲᠤᠯᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 706 ᠬᠥᠮᠦᠨ ᠤᠳᠠᠭ᠎ᠠ ᠬᠥᠳᠡᠯᠭᠡᠵᠦ᠂ ᠡᠯ᠎ᠡ ᠲᠥᠷᠥᠯ ᠤᠨ ᠢᠳᠡᠭᠡᠨ ᠤᠮᠳᠠᠭᠠᠨ ᠤ ᠡᠵᠡᠩᠨᠡᠯᠲᠡ ᠶᠢᠨ 300 ᠭᠠᠷᠤᠶ ᠡᠷᠦᠬᠡ ᠤᠳᠠᠭ᠎ᠠ ᠪᠠᠶᠢᠴᠠᠭᠠᠵᠤ᠂ 80 ᠭᠠᠷᠤᠶ ᠡᠷᠦᠬᠡ ᠳᠡᠯᠭᠡᠨ ᠪᠣᠷᠣᠯᠠᠭᠤᠯᠬᠤ ᠴᠤᠭᠯᠠᠭᠠᠨ ᠤ ᠡᠵᠡᠩᠨᠡᠯᠲᠡ ᠶᠢᠨ ᠭᠤᠤᠯ ᠴᠣᠭᠴᠠ᠂ 21 ᠡᠷᠦᠬᠡ ᠵᠢᠵᠢᠭ ᠦᠶᠯᠡᠳᠬᠡᠯ ᠤᠨ ᠭᠠᠵᠠᠷ᠂ ᠲᠠᠷᠢᠶᠠᠯᠠᠩ ᠤᠨ ᠪᠦᠳᠦᠭᠡᠭᠳᠡᠬᠦᠨ ᠤ ᠠᠷᠠᠯᠵᠢᠶᠠᠨ ᠤ 13 ᠵᠠᠬ᠎ᠠ ᠳᠡᠯᠭᠡᠭᠦᠷ᠂ 9 ᠡᠷᠦᠬᠡ ᠲᠣᠮᠣ ᠬᠡᠯᠪᠡᠷᠢ ᠶᠢᠨ ᠬᠤᠳᠠᠯᠳᠤᠭ᠎ᠠ ᠳᠡᠯᠭᠡᠭᠦᠷ ᠢ  ᠪᠠᠶᠢᠴᠠᠭᠠᠵᠤ᠂  ᠠᠰᠠᠭᠤᠳᠠᠯ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠶᠢ ᠳᠠᠷᠤᠶ ᠲᠦᠷᠭᠡᠨ ᠴᠡᠭᠴᠡᠯᠡᠨ ᠵᠠᠰᠠᠬᠤ ᠶᠢ ᠱᠠᠭᠠᠷᠳᠠᠪᠠ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号