ᠨᠢᠭᠡ ᠳᠤ᠂ ︽ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ︾ ᠬᠠᠷᠢᠭᠤᠴᠠᠯᠭ᠎ᠠ ᠶᠢᠨ ᠰᠢᠰᠲ᠋ᠧᠮ ᠢ | ᠪᠠᠶᠢᠭᠤᠯᠪᠠ᠃ ︽1 + 6 + N︾ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠶ ᠠᠩᠭᠢ ᠪᠠᠶᠢᠭᠤᠯᠤᠨ᠂ | 6 ᠠᠵᠢᠯᠯᠠᠬᠤ ᠳᠤᠭᠤᠶᠢᠯᠠᠩ ᠭᠠᠷᠭᠠᠵᠤ᠂ ᠭᠠᠴᠠᠭ᠎ᠠ ᠶᠢ ᠳᠠᠭᠠᠭᠠᠴᠢᠯᠠᠭᠰᠠᠨ 32 ᠨᠡᠷᠡᠰ ᠺᠠᠳ᠋ᠷ᠂ ᠭᠠᠴᠠᠭᠠᠨ ᠤ ︽ | ᠬᠤᠶᠠᠷ ᠵᠥᠪᠯᠡᠯ︾ ᠤᠨ 110 ᠨᠡᠷᠡᠰ ᠪᠦᠷᠢᠯᠳᠦᠬᠦᠨ᠂ ᠬᠡᠰᠡᠭ ᠭᠠᠴᠠᠭᠠᠨ ᠤ ᠠᠷᠠᠳ ᠤᠨ ᠲᠦᠯᠦᠭᠡᠯᠡᠭᠴᠢ ᠵᠡᠷᠭᠡ | N ᠲᠥᠷᠥᠯ ᠤᠨ ᠬᠦᠴᠦᠨ ᠢ ᠨᠡᠶᠢᠳᠭᠡᠵᠤ᠂ ᠭᠤᠯᠳᠤ ᠪᠠᠷ ᠨᠡᠪᠲᠡᠷᠡᠯᠴᠡᠭᠰᠡᠨ᠂ ᠬᠥᠨᠳᠡᠯᠡᠨ ᠢᠶᠠᠷ ᠬᠠᠮᠵᠢᠯᠴᠠᠭᠰᠠᠨ | ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠬᠤᠶᠠᠷ ᠲᠤ᠂ ︽ᠭᠤᠷᠪᠠᠨ ᠲᠠᠯ᠎ᠠ︾ ᠠᠴᠠ ᠠᠰᠠᠭᠤᠳᠠᠯ ᠢ | ᠰᠢᠢᠳᠪᠦᠷᠢᠯᠡᠬᠦ ᠠᠷᠭ᠎ᠠ ᠶᠢ ᠬᠡᠷᠡᠭᠵᠢᠭᠦᠯᠪᠡ᠃ ︽ᠨᠡᠪᠲᠡᠯᠬᠦ ᠮᠠᠶ᠋ᠢᠭ︾ ᠤᠨ ᠪᠠᠯᠠ ᠮᠥᠩᠭᠦ ᠶᠢ ᠢᠯᠭᠠᠷᠠᠭᠤᠯᠤᠨ | ᠪᠠᠶᠢᠴᠠᠭᠠᠬᠤ ᠶᠢ ᠥᠷᠨᠢᠭᠦᠯᠵᠦ᠂ ᠨᠢᠭᠡᠨᠲᠡ 118 ᠵᠦᠶᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ︔ 16 | ᠭᠠᠴᠠᠭ᠎ᠠ ᠲᠣᠰᠬᠤᠨ ᠳᠤ ︽ᠨᠢᠭᠡ ᠲᠣᠰᠬᠤᠨ ᠳᠤ ᠨᠢᠭᠡ ᠲᠠᠩᠰᠠ ᠡᠪᠬᠡᠮᠡᠯ︾ ᠤᠨ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠵᠦ᠂ ᠥᠪᠡᠰᠦᠪᠡᠨ ᠪᠠᠶᠢᠴᠠᠭᠠᠵᠤ ᠡᠮᠬᠢᠯᠡᠭᠰᠡᠨ 94 ᠬᠤᠪᠢ ᠵᠢᠷᠤᠮᠵᠢᠩᠭᠤᠢ ᠪᠤᠰᠤ ᠭᠡᠷ᠎ᠡ ᠶᠢᠨ ᠡᠬᠡ | ᠲᠠᠩᠰᠠ᠂ 125 ᠵᠤᠷᠪᠤᠰ ᠲᠠᠩᠰᠠ ᠶᠢᠨ ᠠᠰᠠᠭᠤᠳᠠᠯ ᠤᠨ ᠡᠬᠡ ᠲᠠᠩᠰᠠ ᠵᠢᠴᠢ 19 ᠵᠤᠷᠪᠤᠰ ᠬᠠᠷᠢᠯᠴᠠᠨ | ᠪᠠᠶᠢᠴᠠᠭᠠᠭᠰᠠᠨ ᠠᠰᠠᠭᠤᠳᠠᠯ ᠤᠨ ᠡᠬᠡ ᠲᠠᠩᠰᠠ ᠶᠢᠨ ᠲᠤᠭᠤᠷᠢᠨ ᠳᠤ ︽ᠡᠷᠬᠢᠨ ᠬᠠᠷᠠᠪᠠ︾︔ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ︽ᠭᠤᠷᠪᠠᠨ ᠦᠩᠬᠡ ᠶᠢᠨ ᠬᠠᠮᠢᠶᠠᠷᠤᠯᠲᠠ︾ ᠶᠢᠨ ᠲᠣᠭᠲᠠᠴᠠ ᠶᠢ ᠪᠠᠶᠢᠭᠤᠯᠵᠤ᠂ | ᠤᠯᠠᠭᠠᠨ ᠦᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ᠂ ᠰᠢᠷ᠎ᠠ ᠦᠩᠭᠡ ᠶᠢᠨ ᠰᠡᠷᠡᠮᠵᠢᠯᠡᠭᠦᠯᠬᠦ ᠠᠰᠠᠭᠤᠳᠠᠯ ᠢ ᠮᠥᠷᠳᠡᠵᠦ ᠱᠠᠯᠠᠪᠳᠠᠭᠤᠯᠤᠨ | ᠰᠢᠢᠳᠪᠦᠷᠢᠯᠡᠬᠦᠯᠬᠦ᠂ ᠨᠤᠭᠤᠭᠠᠨ ᠦᠩᠬᠡ ᠶᠢᠨ ᠪᠠᠷᠢᠮᠵᠢᠶ᠎ᠠ ᠳᠤ ᠬᠦᠷᠦᠭᠰᠡᠨ ᠠᠰᠠᠭᠤᠳᠠᠯ ᠢ ᠰᠢᠢᠳᠪᠦᠷᠢᠯᠡᠨ | ᠲᠠᠭᠤᠰᠬᠠᠵᠤ ᠴᠠᠭ ᠲᠤᠬᠠᠶ ᠳᠤᠨᠢ ᠲᠠᠩᠰᠠᠨ ᠠᠴᠠ ᠭᠠᠷᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠦᠨᠳᠦᠰᠦ ᠠᠴᠠ ᠨᠢ ᠪᠦᠬᠦᠨ ᠢ ᠰᠢᠶᠳᠪᠦᠷᠢᠯᠡᠬᠦ ᠶᠢ ᠦᠨᠡᠨᠬᠦ ᠪᠠᠲᠤᠯᠠᠪᠠ᠃ ᠭᠤᠷᠪᠠ ᠳᠤ᠂ ︽ᠣᠶᠤᠨᠴᠢᠯᠠᠭᠰᠠᠨ︾ | ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠪᠡ᠃ ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ | ᠡᠳ᠋ ᠬᠥᠷᠥᠩᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠨ᠂ 1630 ᠬᠤᠪᠢ ᠶᠢᠨ | ᠲᠣᠭᠲᠠᠮᠠᠯ ᠬᠥᠷᠥᠩᠭᠡ ᠶᠢ ᠪᠣᠳᠠᠲᠠᠶ ᠭᠠᠵᠠᠷ ᠲᠤᠨᠢ ᠪᠦᠷᠢᠳᠬᠡᠨ ᠲᠠᠩᠰᠠᠯᠠᠵᠤ᠂ ᠲᠣᠰᠬᠤᠨ ᠤ ᠬᠠᠮᠲᠤ ᠶᠢᠨ ᠡᠬᠢ | ᠪᠠᠶᠠᠯᠢᠭ ᠤᠨ ᠳᠠᠭᠠᠭᠠᠴᠢᠯᠠᠬᠤ ᠡᠬᠦᠷᠬᠡ ᠶᠢ ᠲᠤᠰᠢᠶᠠᠬᠰᠠᠨ 380 ᠬᠤᠪᠢ ᠬᠡᠷ᠎ᠡ ᠶᠢ ᠬᠠᠷᠭᠤᠭᠤᠯᠤᠨ ᠪᠠᠶᠢᠴᠠᠭᠠᠵᠤ᠂ | ᠪᠠᠯᠭᠠᠰᠤᠨ ᠤ ᠱᠠᠲᠤᠨ ᠤ ᠬᠦᠯᠢᠶᠡᠨ ᠠᠪᠴᠤ ᠬᠡᠷᠡᠭᠵᠢᠬᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠣᠯᠭᠠᠭᠤᠯᠬᠤ ᠪᠠᠯᠠ ᠮᠥᠩᠭᠦ ᠶᠢᠨ 12 ᠲᠥᠷᠥᠯ ᠵᠦᠶᠯ ᠢ ᠲᠡᠮᠳᠡᠭᠯᠡᠨ ᠤᠷᠤᠭᠤᠯᠵᠤ᠂ ᠣᠷᠳᠣ ᠬᠤᠭᠤᠴᠠᠭᠠᠨ ᠤ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠪᠡ᠃ ︵ᠪᠤᠷᠬᠠᠨᠲᠤ ᠪᠠᠯᠭᠠᠰᠤ︶ |