ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠲ᠋ᠤᠨᠢ • ᠠᠯᠪᠠᠨᠢᠰ ᠲᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ | ᠠᠦ᠋ᠰᠳ᠋ᠷᠠᠯᠢᠶ᠎ᠠ ᠶᠢᠨ ᠬᠤᠯᠪᠣᠭᠠᠨ ᠤ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ | ᠪᠠᠶᠠᠷ ᠬᠦᠷᠭᠡᠪᠡ᠃ | ᠰᠢ ᠶᠢᠨ ᠫᠢᠩ᠂ ᠥᠩᠭᠡᠷᠡᠭᠰᠡᠨ 3 ᠵᠢᠯ ᠳᠤ ᠪᠢ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ᠂ ᠳᠤᠮᠳᠠᠳᠤ | ᠠᠦ᠋ᠰᠳ᠋ᠷᠠᠯᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠭᠦ | ᠲᠠᠯ᠎ᠠ ᠶᠢᠨ ᠴᠢᠨᠠᠷᠲᠠᠢ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠬᠤ ᠶᠢᠨ ᠬᠠᠮᠲᠤ ᠴᠢᠬᠤᠯᠠ | ᠬᠠᠮᠲᠤ ᠶᠢᠨ ᠲᠠᠨᠢᠯᠲᠠ ᠲᠠᠢ ᠪᠣᠯᠵᠤ᠂ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠵᠢᠷᠠᠭᠤᠯᠬᠤ ᠪᠠ ᠬᠥᠭᠵᠢᠭᠦᠯᠬᠦ ᠳᠤ | ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠵᠠᠢ᠃ ᠳᠤᠮᠳᠠᠳᠤ ᠠᠦ᠋ᠰᠳ᠋ᠷᠠᠯᠢᠶ᠎ᠠ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠨᠢ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ | ᠪᠡᠶᠡᠯᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠪᠢ ᠳᠤᠷᠠᠲᠠᠶ᠎ᠠ ᠶᠡᠷᠦᠩᠬᠡᠢ ᠰᠠᠶᠢᠳ ᠠᠯᠪᠠᠨᠢᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ | ᠠᠦ᠋ᠰᠳ᠋ᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ | ᠬᠤᠯᠠ ᠠᠶᠠᠯᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ | ᠵᠢᠭᠠᠵᠤ ᠭᠠᠷᠭᠠᠪᠠ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠯᠪᠠᠨᠢᠰ ᠲᠤ ᠪᠠᠶᠠᠷ ᠤᠨ | ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠳᠤᠷᠠᠲᠠᠶ᠎ᠠ ᠠᠦ᠋ᠰᠳ᠋ᠷᠠᠯᠢᠶ᠎ᠠ ᠶᠢᠨ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ᠂ ᠨᠡᠩ ᠪᠠᠶᠠᠯᠢᠭ ᠦᠷ᠎ᠡ ᠪᠦᠲᠦᠭᠡᠯ ᠲᠠᠢ | ᠳᠤᠮᠳᠠᠳᠤ ᠠᠦ᠋ᠰᠳ᠋ᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠦ ᠢᠯᠡᠳᠬᠡᠪᠡ᠃ |