ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ | ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ | ᠲᠠᠰᠢᠷᠠᠮ ᠢᠶᠠᠷ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ ᠭᠤᠣᠯᠴᠢ | ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ᠂ ᠡᠨᠡ ᠬᠦ ᠪᠠᠶᠢᠯᠳᠤᠬᠤ ᠪᠣᠳᠣᠯᠭ᠎ᠠ ᠶᠢᠨ | ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ᠰᠢᠵᠢᠷ ᠠᠯᠳᠠᠨ 50 | ᠵᠢᠯ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ | ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ ᠬᠠᠷᠢᠭᠤᠴᠠᠯᠭ᠎ᠠ ᠡᠭᠦᠷᠭᠡᠯᠡᠬᠦ᠂ | ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠷᠢᠮᠲᠠᠯᠠᠵᠤ᠂ ᠳᠤᠮᠳᠠᠳᠤ | ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠢ ᠭᠠᠷ ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ | ᠵᠢᠭᠠᠵᠤ ᠭᠠᠷᠭᠠᠪᠠ᠃ | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠲᠤᠨ ᠫᠧᠩ ᠯᠢ | ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ ᠰᠡᠭᠦᠳᠡᠷ ᠲᠠᠲᠠᠭᠤᠯᠵᠤ | ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ | ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ᠂ ᠡᠯ᠎ᠡ ᠱᠠᠲᠤ ᠳᠠᠪᠬᠤᠷᠭ᠎ᠠ᠂ | ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ | ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ᠃ ᠬᠤᠶᠠᠷ ᠲᠤ᠂ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ᠂ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ︽ᠨᠢᠭᠡ | ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ | ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠨᠧᠷᠭᠢ ᠵᠡᠷᠭᠡ | ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ᠂ | ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ | ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ᠃ ᠭᠤᠷᠪᠠ ᠳᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ | ᠬᠦᠴᠦᠨ ᠢ ᠨᠡᠮᠡᠭᠳᠡᠭᠦᠯᠵᠦ᠂ ᠢᠷᠡᠬᠦ ᠵᠢᠯ ︽ᠳᠤᠮᠳᠠᠳᠤ ᠪᠷᠠᠽᠢᠯ ᠤᠨ ᠰᠣᠶᠣᠯ ᠤᠨ ᠣᠨ︾ ᠢ ᠡᠷᠭᠢᠯᠡᠭᠦ ᠪᠠᠷ ᠠᠵᠠ ᠲᠣᠭᠢᠶᠠᠯ | ᠪᠤᠯᠭᠠᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠵᠠᠭᠤᠴᠢᠯᠠᠭᠤᠷ᠂ ᠣᠷᠣᠨ ᠨᠤᠲᠤᠭ ᠵᠡᠷᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ | ᠦᠵᠡᠭᠦᠯᠦᠶ᠎ᠡ᠃ ᠳᠥᠷᠪᠡ ᠳᠤ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ᠃ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ | ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ | ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ | ᠬᠠᠮᠠᠭᠠᠯᠠᠵᠤ᠂ ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠪᠣᠯᠣᠨ ᠡᠵᠡᠷᠬᠡᠵᠦ | ᠳᠠᠷᠤᠯᠠᠬᠤ ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ᠃ | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ | ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠶ ᠳᠤ | ᠯᠦᠯᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ | ᠰᠡᠭᠦᠳᠡᠷᠯᠡᠪᠡ︶ | ᠯᠦᠯᠠ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠬᠤᠶᠠᠷ | ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ᠂ ᠶᠠᠮᠠᠷᠪᠠ ᠭᠠᠳᠠᠭᠠᠳᠤ ᠬᠦᠴᠦᠨ ᠵᠦᠢᠯ ᠤᠨ ᠬᠠᠷᠰᠢᠯᠠᠯ | ᠡᠪᠳᠡᠯᠭᠡ ᠶᠢ ᠬᠦᠯᠢᠶᠡᠬᠦ ᠦᠭᠡᠢ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ ᠤᠯᠤᠰ ᠪᠷᠠᠽᠢᠯ ᠢ | ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ | ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠷᠠᠽᠢᠯ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠡᠩ ᠲᠥᠪ ᠭᠤᠣᠯᠴᠢ᠂ ᠡᠩᠬᠡ ᠲᠠᠶᠢᠪᠤᠩ᠂ | ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ᠃ | ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ | ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠰᠠᠭᠤᠷᠢ | ᠲᠥᠬᠦᠭᠡᠷᠦᠮᠵᠢ᠂ ᠰᠠᠨᠰᠠᠷ ᠤᠨ ᠠᠶᠠᠯᠠᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠵᠠᠯᠠᠭᠤᠴᠤᠳ ᠤᠨ ᠰᠣᠯᠢᠯᠴᠠᠭ᠎ᠠ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ᠂ ᠬᠤᠶᠠᠷ | ᠤᠯᠤᠰ ᠤᠨ ᠠᠷᠠᠳ ᠲᠦᠮᠡᠨ ᠤ ᠶᠠᠪᠤᠯᠴᠠᠭ᠎ᠠ ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ | ᠶᠠᠳᠠᠭᠤ ᠠᠴᠠ ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ᠂ ᠪᠷᠠᠽᠢᠯ ᠳᠤᠷᠠᠲᠠᠶ᠎ᠠ ᠳᠤᠮᠳᠠᠳᠤ | ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ | ᠥᠯᠥᠰᠬᠦᠯᠡᠩ ᠠᠴᠠ ᠠᠩᠭᠢᠵᠢᠷᠠᠭᠤᠯᠤᠨ᠎ᠠ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ | ᠬᠠᠮᠠᠭᠠᠯᠠᠬᠤ ᠨᠢ ᠲᠦᠢᠯ ᠤᠨ ᠴᠢᠬᠤᠯᠠ ᠶᠤᠮ᠂ ᠬᠠᠮᠠᠭᠠᠯᠠᠬᠤ ᠦᠵᠡᠯ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ | ᠲᠠᠲᠠᠪᠤᠷᠢᠯᠠᠬᠤ ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ᠃ | ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ | ᠤᠯᠤᠰ ᠤᠨ ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ | ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠡᠩᠬᠡ | ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ | ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ︽ᠡᠩᠬᠡ ᠲᠠᠶᠢᠪᠤᠩ ᠤᠨ ᠨᠠᠶᠢᠵᠠ︾ ᠶᠢᠨ ᠳᠤᠭᠤᠶᠢᠯᠠᠩ ᠤᠨ | ᠦᠢᠯᠡᠳᠦᠯ ᠢᠶᠠᠨ ᠪᠠᠳᠠᠷᠠᠭᠤᠯᠵᠤ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ ᠳᠡᠮᠵᠢᠵᠤ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠳᠤ ᠪᠦᠲᠦᠭᠡᠯᠴᠢ | ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠬᠥᠳᠡᠭᠡ ᠠᠵᠤ ᠠᠬᠤᠢ᠂ ᠲᠣᠭᠠᠴᠢᠯᠠᠭᠰᠠᠨ | ᠠᠵᠤ ᠠᠬᠤᠢ᠂ ᠮᠥᠩᠭᠦᠨ ᠭᠦᠢᠯᠭᠡᠭᠡᠨ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ ᠵᠡᠷᠭᠡ ᠬᠦᠷᠢᠶᠡᠨ ᠤ | 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠬᠤᠶᠠᠷ ᠲᠠᠯ᠎ᠠ ᠪᠠᠷ ᠢᠶᠠᠨ ︽ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ | ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠪᠣᠯᠣᠨ ︽ | ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ | ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠰᠢ ᠶᠢᠨ ᠫᠢᠩ ᠪᠣᠯᠣᠨ ᠯᠦᠯᠠ | ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 | ᠳᠤᠤᠭᠠᠷᠭᠠᠪᠠ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ | ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |