5 ᠰᠠᠷ᠎ᠠ ᠶᠢᠨ 14 ᠤ ᠡᠳᠦᠷ᠂ ᠬᠥᠨᠳᠡᠯᠡᠨ ᠲᠣᠭᠤᠷᠢᠭ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠲᠤᠰᠬᠠᠢ | ᠰᠡᠳᠦᠪᠲᠦ ᠠᠵᠢᠯᠯᠠᠭ᠎ᠠ ᠶᠢ ᠬᠦᠨᠵᠡᠬᠡᠶᠢᠷᠡᠬᠦᠯᠦᠨ ᠠᠬᠢᠭᠤᠯᠵᠤ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ | ᠠᠪᠴᠢᠷᠠᠬᠤ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ | ᠬᠤᠷᠠᠯ ᠢ ᠡᠷᠬᠢᠯᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ | ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠂ ᠪᠠᠯᠠ ᠮᠥᠩᠭᠦ ᠶᠢ ᠲᠡᠮᠡᠴᠡᠨ | ᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠦᠭᠡ ᠬᠡᠯᠡᠪᠡ᠃ | ᠬᠤ᠋ ᠴᠢᠶᠠᠩ᠂ ᠣᠳᠣᠬᠠᠨ ᠤ ᠪᠠᠶᠢᠳᠠᠯ ᠳᠣᠣᠷ᠎ᠠ ᠲᠦᠷᠦᠯ ᠵᠦᠢᠯ ᠢ ᠣᠷᠣᠭᠤᠯᠤᠨ ᠠᠪᠴᠢᠷᠠᠵᠤ ᠪᠦᠲᠦᠭᠡᠡ | ᠪᠠᠶᠢᠭᠤᠯᠬᠤ ᠠᠵᠢᠯ ᠢ ᠰᠠᠶᠢᠲᠤᠷ ᠠᠳᠬᠤᠬᠤ ᠶᠢᠨ ᠲᠦᠢᠯ ᠤᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ | ᠭᠦᠢᠴᠡᠳ ᠲᠠᠨᠢᠵᠤ᠂ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠶᠢ | ᠪᠠᠶᠢᠩᠭᠤᠵᠢᠭᠤᠯᠤᠨ ᠦᠷᠨᠢᠬᠦᠯᠬᠦ ᠪᠠᠷ ᠭᠠᠷᠳᠠᠴᠠ ᠪᠤᠯᠭᠠᠵᠤ᠂ ︽ᠬᠤᠶᠠᠷ ᠢ ᠰᠢᠨᠡᠳᠬᠡᠬᠦ︾ ᠤᠳᠤᠷᠢᠳᠤᠮᠵᠢ᠂ | ᠬᠡᠮᠵᠢᠶ᠎ᠡ ᠶᠢ ᠨᠡᠮᠡᠭᠳᠡᠬᠦᠯᠬᠦ ᠶᠢ ᠴᠢᠩᠭᠠᠳᠬᠠᠨ᠂ ᠢᠲᠡᠭᠡᠯ ᠵᠣᠷᠢᠭ ᠢᠶᠠᠨ ᠪᠠᠲᠤᠳᠬᠠᠨ᠂ ᠳᠠᠷᠤᠯᠲᠠ ᠪᠠᠨ ᠨᠡᠮᠡᠭᠳᠡᠭᠦᠯᠵᠦ᠂ | ᠭᠤᠬᠴᠤᠭ᠎ᠠ ᠨᠢᠬᠡᠪᠦᠷᠢ ᠶᠢ ᠨᠢᠬᠳᠠ ᠠᠩᠬᠠᠷᠴᠤ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ᠂ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ᠂ ︽ᠭᠤᠷᠪᠠᠨ ᠪᠠᠶᠢᠭ᠎ᠠ ᠬᠤᠶᠠᠷ ᠢ ᠡᠷᠢᠵᠤ ᠦᠭᠬᠦ︾ ᠡᠯ᠎ᠡ ᠵᠦᠢᠯ ᠤᠨ ᠠᠵᠢᠯ ᠢ ᠪᠠᠳᠤ ᠴᠢᠩᠭ᠎ᠠ ᠰᠠᠶᠢᠲᠤᠷ | ᠠᠳᠬᠤᠵᠤ᠂ ᠳᠡᠭᠡᠷ᠎ᠡ ᠬᠠᠭᠠᠰ ᠵᠢᠯ ᠤᠨ ᠬᠠᠷᠠᠯᠲᠠ ᠡᠭᠦᠷᠭᠡ ᠶᠢᠨ ︽ᠴᠠᠭ ᠪᠠ ᠡᠬᠦᠷᠬᠡ ᠬᠠᠭᠠᠰ ᠢ ᠲᠠᠪᠠᠵᠤ︾᠂ | ᠪᠦᠬᠦ ᠵᠢᠯ ᠳᠤ ᠲᠡᠭᠦᠰ ᠠᠮᠵᠢᠯᠲᠠ ᠲᠠᠢ ᠲᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠡᠢ᠃ ︵ | ᠰᠤᠷᠪᠤᠯᠵᠢᠯᠠᠭᠴᠢ᠄ ᠯᠢᠦ ᠵᠢᠩ ᠬᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ | ᠠᠯᠪᠠᠨ ᠬᠡᠷ︶᠃ |