ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠧᠲᠷᠤ᠋ ᠲᠠᠢ ᠠᠭᠤᠯᠵᠠᠪᠠ᠃ | | 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠧᠲᠷᠤ᠋ ᠲᠠᠢ ᠠᠭᠤᠯᠵᠠᠪᠠ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ᠂ ᠳᠤᠮᠳᠠᠳᠤ ᠤᠯᠤᠰ | ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ ᠤᠯᠤᠰ ᠤᠨ | ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ᠃ ᠡᠨᠡ ᠵᠢᠯ ᠪᠣᠯ ᠳᠤᠮᠳᠠᠳᠤ ᠺᠣᠯᠣᠮᠪᠢᠶ᠎ᠠ ᠶᠢᠨ | ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ | ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ | ᠢᠲᠡᠭᠡᠯᠴᠡᠭᠡ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ | ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠶ᠎ᠡ᠃ ᠺᠣᠯᠣᠮᠪᠢᠶ᠎ᠠ ᠶᠢᠨ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠲᠣᠮᠣ ᠭᠡᠷ ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ | ᠪᠤᠯᠭᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ | ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠰᠠᠯᠬᠢᠨ | ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠪᠡᠶᠡᠯᠡᠭᠦᠯᠦᠶ᠎ᠡ᠃ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠤᠷᠭᠠᠨ | ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ᠂ | ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ ᠤᠷᠤᠰᠬᠠᠯ ᠢ ᠳᠠᠭᠠᠵᠤ᠂ ᠳᠤᠮᠳᠠᠳᠤ ᠤᠯᠤᠰ ᠪᠣᠯᠣᠨ | ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃ ᠳᠤᠮᠳᠠᠳᠤ ᠤᠯᠤᠰ | — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ | ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠳᠡᠯᠡᠬᠡᠢ ᠳ᠋ᠠᠬᠢᠨ ᠳᠤ | ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ ᠢᠳᠡᠪᠬᠢᠲᠡᠢ ᠳᠣᠬᠢᠶ᠎ᠠ ᠶᠢ ᠲᠠᠯᠪᠢᠵᠠᠢ᠃ ᠺᠣᠯᠣᠮᠪᠢᠶ᠎ᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ | ᠬᠤᠪᠢ ᠳᠤ ᠬᠤᠷᠠᠯ ᠢ ᠠᠮᠵᠢᠯᠲᠠ ᠲᠠᠢ ᠡᠷᠭᠢᠯᠡᠭᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ | ᠳᠤᠷᠠᠲᠠᠶ᠎ᠠ ᠺᠣᠯᠣᠮᠪᠢᠶ᠎ᠠ ᠶᠢ ᠪᠠᠭᠲᠠᠭᠠᠭᠰᠠᠨ ᠯᠠᠲ᠋ᠢᠨ ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ | ᠴᠢᠬᠤᠯᠠᠴᠢᠯᠠᠪᠠ᠃ | ᠫᠧᠲᠷᠤ᠋᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ ᠲᠡᠦᠬᠡ ᠲᠠᠢ ᠶᠤᠮ᠂ | ᠺᠣᠯᠣᠮᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ ᠬᠥᠭᠵᠢᠭᠦᠯᠬᠦ ᠶᠢ ᠬᠦᠰᠡᠵᠦ ᠪᠠᠶᠢᠨ᠎ᠠ᠃ | ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ | ᠴᠢᠩᠭᠠᠳᠬᠠᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂ ᠠᠷᠠᠯᠵᠢᠶ᠎ᠠ᠂ ᠰᠠᠭᠤᠷᠢ | ᠲᠥᠬᠦᠭᠡᠷᠦᠮᠵᠢ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠡᠭᠡᠳᠡᠷᠡᠭᠡᠨ | ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ᠂ ᠣᠨᠴᠠ ᠵᠠᠷᠢᠮ ᠤᠯᠤᠰ ᠤᠨ ᠠᠰᠢᠭ ᠲᠤ ᠰᠢᠨᠤᠬᠠᠶᠢᠷᠠᠬᠤ ᠬᠢᠳᠡᠯ ᠨᠢ | ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ᠂ ᠡᠯ᠎ᠡ ᠤᠯᠤᠰ ᠪᠦᠯᠬᠦᠮᠳᠡᠨ ᠠᠷᠭᠠᠴᠠᠭᠠᠪᠠᠯ ᠵᠣᠬᠢᠨ᠎ᠠ᠃ ᠺᠣᠯᠣᠮᠪᠢᠶ᠎ᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ | ᠪᠣᠯᠣᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ | ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯᠣᠨ ᠪᠦᠭᠦᠳᠡ ᠨᠠᠶᠢᠷᠠᠮᠳᠠᠬᠤ | ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |