5 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠤᠬᠠᠢ ᠶᠢᠨ | ᠭᠠᠵᠠᠷ ᠲᠤᠨᠢ ᠬᠦᠷᠴᠦ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠵᠠᠰᠠᠯᠳᠠ ᠶᠢᠨ ᠭᠤᠤᠯᠳᠠᠯᠭ᠎ᠠ ᠲᠠᠢ | ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠭᠠᠵᠠᠷ | ᠲᠤᠨᠢ ᠤᠷᠤᠰᠢᠵᠤ ᠪᠠᠶᠢᠭ᠎ᠠ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠪᠠ᠃ ᠲᠡᠷᠡ᠂ ᠰᠢ ᠶᠢᠨ ᠫᠢᠩ ᠤᠨ ᠠᠮᠢ | ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ | ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠵᠤ | ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠬᠡᠳᠬᠡᠨ ᠠᠬᠢᠭᠤᠯᠵᠤ᠂ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠪᠠ ᠵᠠᠰᠠᠯᠳᠠ ᠶᠢᠨ ᠲᠤᠳᠠᠭᠤᠳᠠᠯ ᠪᠠᠭᠤᠷᠠᠢ ᠭᠤᠬᠴᠤᠭ᠎ᠠ ᠶᠢ | ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠤᠷᠳᠤ ᠬᠤᠭᠤᠴᠠᠭᠠᠨ ᠤ ᠬᠢᠨᠠᠨ ᠬᠠᠮᠢᠶᠠᠷᠤᠯᠳᠠ ᠬᠠᠦᠯᠢ ᠬᠡᠷᠡᠭᠵᠢᠬᠦᠯᠬᠦ | ᠲᠤᠬᠳᠠᠴᠠ ᠶᠢ ᠪᠦᠷᠢᠨᠰᠢᠬᠦᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠤᠭᠤᠮ ᠢ ᠪᠠᠳᠤ | ᠰᠠᠬᠢᠵᠤ᠂ ᠬᠠᠮᠠᠭᠠᠯᠠᠵᠤ ᠵᠠᠰᠠᠬᠤ ᠴᠢᠳᠡᠪᠤᠷᠢ ᠪᠠᠨ ᠦᠨᠡᠨᠬᠦ ᠲᠡᠬᠡᠭᠰᠢᠯᠡᠬᠦᠯᠬᠦ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠡᠦ ᠱᠧᠨ ᠮᠦᠸᠧ᠂ ᠸᠧᠨ ᠵᠧᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠦᠸᠠᠢ ᠬᠢᠨᠠᠨ ᠬᠠᠷᠭᠤᠭᠤᠯᠤᠬᠰᠠᠨ ᠨᠢ᠄ | ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶ |