ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/5/17
    5 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠤᠭᠤᠷᠢᠨ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠦᠷ᠎ᠡ ᠪᠦᠲᠦᠮᠵᠢ ᠪᠠ ᠲᠤᠷᠰᠢᠯᠭ᠎ᠠ ᠶᠢ ᠦᠨᠡᠨ ᠬᠦ ᠰᠠᠶᠢᠲᠤᠷ ᠠᠰᠢᠭᠯᠠᠬᠤ ᠲᠤᠬᠠᠢ ᠲᠥᠪᠯᠡᠷᠡᠭᠦᠯᠦᠨ ᠰᠣᠯᠢᠯᠴᠠᠵᠤ ᠰᠤᠳᠤᠯᠤᠨ ᠶᠠᠷᠢᠯᠴᠠᠪᠠ᠃      ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠲᠣᠭᠲᠠᠭᠰᠠᠨ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠬᠤ᠋ ᠴᠢᠶᠠᠩ ᠤᠯᠠᠨ ᠲᠠᠢ ᠰᠤᠷᠤᠯᠴᠠᠬᠰᠠᠨ ᠲᠦᠷᠦᠭᠳᠡᠯ ᠢᠶᠠᠨ ᠰᠣᠯᠢᠯᠴᠠᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠪᠢᠳᠡ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠬᠢᠳᠡᠯ ᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠤᠷᠤᠯᠴᠠᠬᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠮᠡᠳᠡᠬᠦᠢ᠂  ᠰᠠᠬᠢᠬᠤᠢ᠂ ᠬᠢᠬᠦᠢ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠰᠠᠶᠢᠨ ᠰᠠᠶᠢᠬᠠᠨ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠬᠡᠵᠡᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号